ᠳ᠋ᠠ ᠲᠤᠩ ᠶᠣᠣ ᠰᠢᠶᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/28
     10 ᠰᠠᠷ᠎ᠠ ᠶᠢᠨ 27᠎ ᠤ ᠡᠳᠦᠷ᠂  ᠳ᠋ᠠ ᠲᠤᠩ ᠶᠣᠣ ᠰᠢᠶᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠩ ᠤᠨ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠶ᠃      ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ︽ᠤᠬᠠᠮᠰᠠᠷᠠᠬᠤ︾᠎ ᠶᠢᠨ ᠭᠤᠣᠯ ᠴᠢᠮᠥᠭᠡ ᠶᠢ ᠠᠳᠬᠤᠵᠤ᠂ ᠵᠣᠷᠢᠭ ᠰᠠᠨᠠᠭ᠎ᠠ ᠶᠢ ᠣᠶᠢᠯᠠᠭᠠᠬᠤ ᠶᠢᠨ ᠲᠦᠷᠦᠭᠦᠴᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠬᠤᠶᠠᠷ ᠲᠤ᠂ ︽ᠰᠤᠷᠤᠯᠴᠠᠬᠤ︾ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠯᠴᠠᠵᠦ ᠭᠦᠨᠵᠡᠭᠡᠢ ᠣᠶᠢᠯᠠᠭᠠᠬᠤ ᠦᠨᠳᠦᠰᠦᠨ ᠴᠢᠳᠠᠪᠤᠷᠢ ᠶᠢ ᠦᠨᠡᠨᠬᠦ ᠪᠠᠲᠤᠳᠬᠠᠬᠤ ᠬᠡᠷᠡᠭᠲᠡᠢ︔ ︽ᠰᠤᠷᠤᠯᠴᠠᠬᠤ︾᠎ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠯᠴᠠᠵᠦ ᠭᠦᠨᠵᠡᠭᠡᠢ ᠣᠶᠢᠯᠠᠭᠠᠬᠤ ᠦᠨᠳᠦᠰᠦᠨ ᠴᠢᠳᠠᠪᠤᠷᠢ ᠶᠢ ᠦᠨᠡᠨᠬᠦ ᠪᠠᠲᠤᠳᠬᠠᠬᠤ ᠬᠡᠷᠡᠭᠲᠡᠢ︔ ᠭᠤᠷᠪᠠ ᠳᠤ᠂ ︽ᠶᠠᠷᠢᠬᠤ︾ ᠠᠭᠤᠷ ᠠᠮᠢᠰᠬᠤᠯ ᠢ ᠵᠤᠵᠠᠭᠠᠳᠬᠠᠵᠤ᠂ ᠲᠠᠷᠢᠬᠢᠨ ᠳᠤ ᠬᠠᠳᠠᠩᠰᠢᠭᠰᠠᠨ ᠰᠡᠳᠬᠢᠯ ᠳᠤ ᠬᠠᠳᠠᠩᠰᠢᠭᠰᠠᠨ ᠨᠠᠷᠢᠯᠢᠭ ᠵᠢᠷᠤᠭ ᠢ ᠬᠦᠴᠦᠯᠡᠨ ᠵᠢᠷᠤᠭᠯᠠᠬᠤ ᠬᠡᠷᠡᠭᠲᠡᠢ︔ ᠲᠦᠷᠪᠡ ᠳᠤ᠂ ︽ᠬᠡᠷᠡᠭᠯᠡᠬᠦ︾᠎ ᠶᠢᠨ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠲᠣᠬᠢᠷᠠᠭᠤᠯᠬᠤ ᠲᠠᠢ ᠬᠠᠮᠲᠤ ᠪᠠᠶᠢᠷᠢᠯᠠᠭᠤᠯᠵᠤ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠤᠨ᠂ ᠰᠣᠷᠣᠭᠰᠠᠨ ᠢᠶᠠᠨ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ  ᠦᠢᠯᠡᠰ ᠢ ᠬᠥᠭᠵᠢᠭᠦᠯᠬᠦ ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ 2023 ᠣᠨ ᠳᠤ ᠤᠷᠢᠳᠴᠢᠯᠠᠨ ᠰᠠᠶᠢᠨ ᠡᠬᠢᠯᠡᠯᠲᠡ ᠲᠠᠢ ᠪᠣᠯᠭᠠᠵᠤ᠂ ᠰᠢᠨ᠎ᠡ ᠬᠠᠭᠤᠳᠠᠰᠤ ᠶᠢ ᠰᠦᠪᠡᠭᠴᠢᠯᠡᠨ᠂ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠢᠭᠦᠨ ᠤ ᠬᠢ ᠶᠢ ᠲᠡᠮᠡᠴᠡᠨ ᠤᠯᠬᠤ᠂ ᠲᠡᠷᠢᠭᠦᠨ ᠤ ᠬᠢ ᠶᠢ ᠡᠭᠦᠳᠬᠦ ᠠᠵᠢᠯ ᠤᠨ ᠬᠥᠳᠡᠯᠭᠡᠬᠦ ᠬᠦᠴᠦᠨ ᠪᠣᠯᠭᠠᠨ ᠲᠠᠰᠤᠷᠠᠯᠲᠠ ᠥᠬᠡᠶ ᠬᠤᠪᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃                               ᠵᠤᠬᠢᠶᠠᠭᠴᠢ᠄  ᠳ᠋ᠠ ᠲᠤᠩ ᠶᠣᠣ ᠰᠢᠶᠠᠩ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3