10 ᠰᠠᠷ᠎ᠠ ᠶᠢᠨ 27 ᠤ ᠡᠳᠦᠷ᠂ ᠶᠡᠭᠡ ᠬᠦᠷᠢᠶ᠎ᠡ ᠰᠢᠶᠠᠩ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢᠶᠠᠩ ᠤᠨ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠰᠢᠶᠠᠩ ᠤᠨ ᠺᠠᠳ᠋ᠷ ᠵᠢᠴᠢ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠱᠦᠵᠢ ᠵᠤᠤ ᠷᠦᠢ ᠸᠠᠩ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠬᠤ ᠶᠢᠨ ᠬᠠᠮᠲᠤ ᠪᠦᠬᠦ ᠰᠢᠶᠠᠩ ᠳᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ | ᠥᠷᠨᠢᠭᠦᠯᠬᠦ ᠲᠤᠬᠠᠶ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ | ᠬᠤᠷᠠᠯ ᠪᠣᠯᠤᠨ᠎ᠠ᠂ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ | ᠲᠡᠮᠡᠴᠡᠭᠰᠡᠨ ᠶᠡᠭᠡ ᠬᠤᠷᠠᠯ ᠪᠣᠯᠤᠨ᠎ᠠ᠂ ᠨᠠᠮ ᠪᠣᠯᠤᠨ ᠤᠯᠤᠰ ᠤᠨ ᠲᠡᠦᠬᠡᠨ ᠳᠡᠭᠡᠷ᠎ᠡ ᠴᠢᠬᠤᠯᠠ ᠬᠦᠰᠢᠶ᠎ᠡ ᠳᠤᠷᠠᠰᠬᠠᠯ ᠤᠨ | ᠠᠴᠢ ᠬᠤᠯᠪᠣᠭᠳᠠᠯ ᠲᠠᠢ ᠶᠤᠮ᠃ ᠬᠥᠳᠡᠭᠡ ᠲᠣᠰᠬᠤᠨ ᠤ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠵᠣᠷᠢᠭ | ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠬᠤᠨ ᠢ ᠪᠦᠬᠦ ᠲᠠᠯ᠎ᠠ ᠪᠠᠷ᠂ ᠣᠨᠣᠪᠴᠢᠲᠠᠶ᠂ ᠭᠦᠨᠵᠡᠭᠡᠶ ᠰᠤᠷᠤᠯᠴᠠᠨ | ᠣᠶᠢᠯᠠᠭᠠᠵᠤ᠂ ᠶᠡᠭᠡ ᠬᠤᠷᠠᠯ ᠤᠨ ᠭᠤᠣᠯ ᠰᠡᠳᠦᠪ᠂ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ ᠰᠢᠨ᠎ᠡ ᠴᠠᠭ | ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠢ ᠪᠠᠲᠤ | ᠡᠵᠡᠮᠰᠢᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠴᠢᠬᠤᠯᠠ | ᠶᠡᠭᠡ ᠪᠠᠶᠢᠷᠢᠯᠠᠭᠤᠯᠤᠯᠲᠠ᠂ ︽ᠭᠤᠷᠪᠠᠨ ᠡᠷᠬᠡᠪᠰᠢ︾ ᠶᠢᠨ ᠤᠯᠤᠰ ᠲᠦᠷᠦ ᠶᠢᠨ ᠱᠠᠭᠠᠷᠳᠠᠯᠭ᠎ᠠ ᠪᠠ ︽ᠲᠠᠪᠤᠨ ᠵᠠᠪᠠᠯ | ᠶᠠᠪᠤᠬᠤ ᠵᠠᠮ︾ ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠢ ᠠᠬᠢᠭᠤᠯᠵᠤ᠂ ᠴᠢᠩᠭ᠎ᠠ ᠬᠦᠴᠦᠲᠡᠢ ᠤᠯᠤᠰ | ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠰᠡᠳᠬᠢᠯᠭᠡ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠦᠬᠦ ᠰᠤᠮᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠶ᠃ ᠡᠯ᠎ᠡ ᠲᠣᠰᠬᠤᠨ ᠤ ᠨᠠᠮ ᠤᠨ | ᠡᠭᠦᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ | ᠠᠭᠤᠯᠭ᠎ᠠ ᠶᠢ ᠲᠣᠳᠣᠷᠬᠠᠶ ᠪᠣᠯᠭᠠᠵᠤ᠂ ᠰᠤᠷᠤᠯᠴᠠᠬᠤ ᠠᠯᠬᠤᠮ ᠲᠠᠷᠠᠭ᠎ᠠ ᠶᠢ ᠵᠢᠭᠰᠠᠭᠠᠨ᠂ ᠬᠠᠮᠤᠭ ᠤᠨ ᠲᠦᠷᠭᠡᠨ ᠠᠵᠢᠯᠯᠠᠭ᠎ᠠ | ᠂ ᠬᠠᠮᠤᠭ ᠤᠨ ᠡᠷᠴᠢᠮ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠰᠤᠷᠤᠯᠴᠠᠯᠭ᠎ᠠ ᠶᠢ ᠭᠤᠣᠯᠳᠠᠯᠭ᠎ᠠ ᠲᠠᠢ᠂ ᠠᠯᠬᠤᠮ | ᠲᠠᠷᠠᠭ᠎ᠠ ᠲᠠᠢ᠂ ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠥᠷᠭᠡᠨ ᠤᠯᠠᠨ ᠬᠥᠳᠡᠭᠡ ᠲᠣᠰᠬᠤᠨ ᠤ ᠨᠠᠮ ᠤᠨ ᠭᠡᠰᠢᠭᠦᠨ | ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠡᠷᠡ ᠳᠠᠷᠤᠶ ᠳᠤᠨᠢ ᠰᠤᠷᠤᠯᠴᠠᠭᠤᠯᠵᠤ᠂ ᠲᠡᠷᠡ ᠬᠡᠪ ᠢᠶᠠᠷ ᠨᠢ | ᠰᠤᠷᠤᠯᠴᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠬᠡᠷᠡᠭᠲᠡᠶ᠃ ᠬᠤᠶᠠᠷ ᠲᠤ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ | ᠪᠤᠢ ᠪᠣᠯᠭᠠᠬᠤ ᠬᠡᠷᠡᠭᠲᠡᠶ᠃ ᠡᠯ᠎ᠡ ᠲᠣᠰᠬᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠵᠤ | ᠤᠬᠠᠭᠤᠯᠵᠤ ᠲᠤᠤᠱᠯᠠᠭᠤᠯᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠣᠯ ᠰᠡᠳᠦᠪᠲᠦ | ᠨᠠᠮ ᠤᠨ ᠡᠳᠦᠷ︾ ᠵᠡᠷᠭᠡ ᠲᠠᠢ ᠤᠶᠠᠯᠳᠤᠭᠤᠯᠵᠤ᠂ ᠢᠳᠡᠪᠬᠢᠲᠡᠶ ᠪᠠᠷ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ | ᠂ ᠭᠠᠴᠠᠭᠠᠨ ᠤ ᠠᠷᠠᠳ ᠤᠨ ᠦᠵᠡᠵᠦ ᠰᠣᠨᠣᠰᠬᠤ ᠳᠤᠷᠠᠲᠠᠶ ᠬᠡᠯᠪᠡᠷᠢ ᠶᠢ ᠠᠪᠴᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠶ ᠶᠠᠷᠢᠵᠤ᠂ ᠲᠣᠳᠣᠷᠬᠠᠶ ᠶᠠᠷᠢᠵᠤ᠂ ᠠᠷᠠᠳ ᠤᠯᠠᠨ ᠳᠤ ᠣᠶᠢᠯᠠᠭᠠᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠣᠶᠢᠯᠠᠭᠠᠭᠤᠯᠵᠤ᠂ ᠲᠠᠷᠢᠬᠢ | ᠲᠣᠯᠣᠭᠠᠶ ᠳᠤᠨᠢ ᠬᠠᠳᠠᠩᠰᠢᠭᠤᠯᠵᠤ᠂ ᠪᠦᠬᠦ ᠰᠢᠶᠠᠩ ᠳᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠶ᠃ ᠭᠤᠷᠪᠠ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠦᠢᠯᠡᠳᠦᠯᠭᠡ ᠪᠠᠨ ᠵᠢᠯᠣᠭᠤᠳᠣᠭᠤᠯᠬᠤ ᠶᠢ ᠪᠠᠷᠢᠮᠲᠠᠯᠠᠬᠤ ᠬᠡᠷᠡᠭᠲᠡᠶ᠃ ᠪᠦᠬᠦ ᠰᠢᠶᠠᠩ ᠢᠶᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠤ | ᠦᠨᠳᠦᠰᠦᠨ ᠵᠢᠷᠤᠮᠯᠠᠯ ᠪᠣᠯᠭᠠᠵᠤ᠂ ᠨᠡᠪᠳᠡᠷᠡᠯ ᠠᠭᠤᠰᠤᠯᠴᠠᠯ ᠤᠨ ᠰᠢᠰᠲ᠋ᠧᠮ ᠤᠨ ᠤᠬᠠᠭᠠᠨ ᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠢᠯ ᠤᠨ ᠡᠴᠦᠰ ᠤᠨ | ᠠᠵᠢᠯ ᠤᠨ ᠡᠭᠦᠷᠭᠡ ᠶᠢ ᠲᠡᠭᠦᠰᠬᠡᠬᠦ ᠪᠠ ᠢᠷᠡᠬᠦ ᠵᠢᠯ ᠤᠨ ᠠᠵᠤ ᠦᠢᠯᠡᠰ ᠢ ᠲᠥᠯᠥᠪᠵᠢᠭᠦᠯᠬᠦ ᠵᠡᠷᠭᠡ ᠡᠯ᠎ᠡ ᠵᠦᠢᠯ ᠤᠨ | ᠠᠵᠢᠯ ᠢ ᠵᠢᠯᠣᠭᠤᠳᠤᠨ ᠠᠬᠢᠭᠤᠯᠵᠤ᠂ ᠡᠷᠴᠢ ᠵᠣᠷᠢᠭ ᠢᠶᠠᠨ ᠬᠥᠪᠴᠢᠯᠡᠬᠦ᠂ ᠦᠨᠡᠨᠴᠢ ᠰᠢᠳᠤᠷᠭᠤ ᠪᠠᠷ ᠠᠵᠢᠯᠯᠠᠬᠤ ᠳᠤ | ᠬᠤᠶᠢᠷᠭᠤᠰᠢᠬᠤ ᠦᠭᠡᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠥᠳᠡᠭᠡ ᠲᠣᠰᠬᠤᠨ ᠳᠤ ᠦᠨᠳᠦᠰᠦᠯᠡᠭᠦᠯᠵᠦ᠂ | ᠴᠡᠴᠡᠭᠯᠡᠨ ᠵᠢᠮᠢᠰᠯᠡᠭᠦᠯᠬᠦ ᠶᠢ ᠪᠠᠲᠤᠯᠠᠬᠤ ᠬᠡᠷᠡᠭᠲᠡᠢ᠃ | ᠵᠤᠬᠢᠶᠠᠭᠴᠢ᠄ ᠶᠡᠭᠡ ᠬᠦᠷᠢᠶ᠎ᠡ ᠰᠢᠶᠠᠩ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |