ᠶᠡᠭᠡ ᠬᠦᠷᠢᠶ᠎ᠡ ᠰᠢᠶᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/28
     10 ᠰᠠᠷ᠎ᠠ ᠶᠢᠨ 27 ᠤ ᠡᠳᠦᠷ᠂  ᠶᠡᠭᠡ ᠬᠦᠷᠢᠶ᠎ᠡ ᠰᠢᠶᠠᠩ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠰᠢᠶᠠᠩ ᠤᠨ ᠺᠠᠳ᠋ᠷ ᠵᠢᠴᠢ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠱᠦᠵᠢ ᠵᠤᠤ ᠷᠦᠢ ᠸᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠬᠤ ᠶᠢᠨ ᠬᠠᠮᠲᠤ ᠪᠦᠬᠦ ᠰᠢᠶᠠᠩ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠥᠷᠨᠢᠭᠦᠯᠬᠦ ᠲᠤᠬᠠᠶ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠂ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠂ ᠨᠠᠮ ᠪᠣᠯᠤᠨ ᠤᠯᠤᠰ ᠤᠨ ᠲᠡᠦᠬᠡᠨ ᠳᠡᠭᠡᠷ᠎ᠡ ᠴᠢᠬᠤᠯᠠ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠬᠥᠳᠡᠭᠡ ᠲᠣᠰᠬᠤᠨ ᠤ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠬᠤᠨ ᠢ ᠪᠦᠬᠦ ᠲᠠᠯ᠎ᠠ ᠪᠠᠷ᠂ ᠣᠨᠣᠪᠴᠢᠲᠠᠶ᠂ ᠭᠦᠨᠵᠡᠭᠡᠶ ᠰᠤᠷᠤᠯᠴᠠᠨ ᠣᠶᠢᠯᠠᠭᠠᠵᠤ᠂ ᠶᠡᠭᠡ ᠬᠤᠷᠠᠯ ᠤᠨ ᠭᠤᠣᠯ ᠰᠡᠳᠦᠪ᠂ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠢ ᠪᠠᠲᠤ ᠡᠵᠡᠮᠰᠢᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠴᠢᠬᠤᠯᠠ ᠶᠡᠭᠡ ᠪᠠᠶᠢᠷᠢᠯᠠᠭᠤᠯᠤᠯᠲᠠ᠂ ︽ᠭᠤᠷᠪᠠᠨ ᠡᠷᠬᠡᠪᠰᠢ︾ ᠶᠢᠨ ᠤᠯᠤᠰ ᠲᠦᠷᠦ ᠶᠢᠨ ᠱᠠᠭᠠᠷᠳᠠᠯᠭ᠎ᠠ ᠪᠠ ︽ᠲᠠᠪᠤᠨ ᠵᠠᠪᠠᠯ ᠶᠠᠪᠤᠬᠤ ᠵᠠᠮ︾ ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠢ ᠠᠬᠢᠭᠤᠯᠵᠤ᠂ ᠴᠢᠩᠭ᠎ᠠ ᠬᠦᠴᠦᠲᠡᠢ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠰᠡᠳᠬᠢᠯᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠦᠬᠦ ᠰᠤᠮᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠶ᠃ ᠡᠯ᠎ᠡ ᠲᠣᠰᠬᠤᠨ ᠤ ᠨᠠᠮ ᠤᠨ ᠡᠭᠦᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ ᠠᠭᠤᠯᠭ᠎ᠠ ᠶᠢ ᠲᠣᠳᠣᠷᠬᠠᠶ ᠪᠣᠯᠭᠠᠵᠤ᠂ ᠰᠤᠷᠤᠯᠴᠠᠬᠤ ᠠᠯᠬᠤᠮ ᠲᠠᠷᠠᠭ᠎ᠠ ᠶᠢ ᠵᠢᠭᠰᠠᠭᠠᠨ᠂ ᠬᠠᠮᠤᠭ ᠤᠨ ᠲᠦᠷᠭᠡᠨ ᠠᠵᠢᠯᠯᠠᠭ᠎ᠠ ᠂ ᠬᠠᠮᠤᠭ ᠤᠨ ᠡᠷᠴᠢᠮ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠰᠤᠷᠤᠯᠴᠠᠯᠭ᠎ᠠ ᠶᠢ ᠭᠤᠣᠯᠳᠠᠯᠭ᠎ᠠ ᠲᠠᠢ᠂ ᠠᠯᠬᠤᠮ ᠲᠠᠷᠠᠭ᠎ᠠ ᠲᠠᠢ᠂ ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠥᠷᠭᠡᠨ ᠤᠯᠠᠨ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠡᠷᠡ ᠳᠠᠷᠤᠶ ᠳᠤᠨᠢ ᠰᠤᠷᠤᠯᠴᠠᠭᠤᠯᠵᠤ᠂ ᠲᠡᠷᠡ ᠬᠡᠪ ᠢᠶᠠᠷ ᠨᠢ ᠰᠤᠷᠤᠯᠴᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠶ᠃ ᠬᠤᠶᠠᠷ ᠲᠤ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠶ᠃ ᠡᠯ᠎ᠡ ᠲᠣᠰᠬᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠵᠤ ᠤᠬᠠᠭᠤᠯᠵᠤ ᠲᠤᠤᠱᠯᠠᠭᠤᠯᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠣᠯ ᠰᠡᠳᠦᠪᠲᠦ ᠨᠠᠮ ᠤᠨ ᠡᠳᠦᠷ︾ ᠵᠡᠷᠭᠡ ᠲᠠᠢ ᠤᠶᠠᠯᠳᠤᠭᠤᠯᠵᠤ᠂ ᠢᠳᠡᠪᠬᠢᠲᠡᠶ ᠪᠠᠷ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠭᠠᠴᠠᠭᠠᠨ ᠤ ᠠᠷᠠᠳ ᠤᠨ ᠦᠵᠡᠵᠦ ᠰᠣᠨᠣᠰᠬᠤ ᠳᠤᠷᠠᠲᠠᠶ ᠬᠡᠯᠪᠡᠷᠢ ᠶᠢ ᠠᠪᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠶ ᠶᠠᠷᠢᠵᠤ᠂ ᠲᠣᠳᠣᠷᠬᠠᠶ ᠶᠠᠷᠢᠵᠤ᠂ ᠠᠷᠠᠳ ᠤᠯᠠᠨ ᠳᠤ ᠣᠶᠢᠯᠠᠭᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠣᠶᠢᠯᠠᠭᠠᠭᠤᠯᠵᠤ᠂ ᠲᠠᠷᠢᠬᠢ ᠲᠣᠯᠣᠭᠠᠶ ᠳᠤᠨᠢ ᠬᠠᠳᠠᠩᠰᠢᠭᠤᠯᠵᠤ᠂ ᠪᠦᠬᠦ ᠰᠢᠶᠠᠩ ᠳᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠭᠤᠷᠪᠠ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ ᠵᠢᠯᠣᠭᠤᠳᠣᠭᠤᠯᠬᠤ ᠶᠢ ᠪᠠᠷᠢᠮᠲᠠᠯᠠᠬᠤ ᠬᠡᠷᠡᠭᠲᠡᠶ᠃ ᠪᠦᠬᠦ ᠰᠢᠶᠠᠩ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠤ ᠦᠨᠳᠦᠰᠦᠨ ᠵᠢᠷᠤᠮᠯᠠᠯ ᠪᠣᠯᠭᠠᠵᠤ᠂ ᠨᠡᠪᠳᠡᠷᠡᠯ ᠠᠭᠤᠰᠤᠯᠴᠠᠯ ᠤᠨ ᠰᠢᠰᠲ᠋ᠧᠮ ᠤᠨ ᠤᠬᠠᠭᠠᠨ ᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠢᠯ ᠤᠨ ᠡᠴᠦᠰ ᠤᠨ ᠠᠵᠢᠯ ᠤᠨ ᠡᠭᠦᠷᠭᠡ ᠶᠢ ᠲᠡᠭᠦᠰᠬᠡᠬᠦ ᠪᠠ ᠢᠷᠡᠬᠦ ᠵᠢᠯ ᠤᠨ ᠠᠵᠤ ᠦᠢᠯᠡᠰ ᠢ ᠲᠥᠯᠥᠪᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠵᠢᠯᠣᠭᠤᠳᠤᠨ ᠠᠬᠢᠭᠤᠯᠵᠤ᠂ ᠡᠷᠴᠢ ᠵᠣᠷᠢᠭ ᠢᠶᠠᠨ ᠬᠥᠪᠴᠢᠯᠡᠬᠦ᠂ ᠦᠨᠡᠨᠴᠢ ᠰᠢᠳᠤᠷᠭᠤ ᠪᠠᠷ ᠠᠵᠢᠯᠯᠠᠬᠤ ᠳᠤ ᠬᠤᠶᠢᠷᠭᠤᠰᠢᠬᠤ ᠦᠭᠡᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠥᠳᠡᠭᠡ ᠲᠣᠰᠬᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠪᠠᠲᠤᠯᠠᠬᠤ ᠬᠡᠷᠡᠭᠲᠡᠢ᠃                               ᠵᠤᠬᠢᠶᠠᠭᠴᠢ᠄  ᠶᠡᠭᠡ ᠬᠦᠷᠢᠶ᠎ᠡ ᠰᠢᠶᠠᠩ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3