ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠦᠨᠳᠦᠰᠦᠨ ᠱᠠᠲᠤᠨ ᠳᠤ ᠬᠦᠷᠴᠦ ᠪᠣᠳᠠᠲᠤ ᠶᠠᠪᠤᠳᠠᠯ ᠪᠦᠲᠦᠭᠡᠵᠦ ᠣᠷᠴᠢᠨ ᠠᠬᠤᠶ ᠶᠢ ᠰᠢᠯᠢᠳᠡᠭᠵᠢᠭᠦᠯᠬᠦ︾ ᠢᠳᠡᠭᠡᠨ ᠤ ᠵᠦᠢᠯ ︵  ᠦᠢᠯᠡᠳᠪᠦᠷᠢᠯᠡᠯ᠂  ᠭᠦᠢᠯᠭᠡᠭᠡ︶ ᠤᠨ ᠲᠤᠰᠬᠠᠶ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/29
     9 ᠰᠠᠷ᠎ᠠ ᠶᠢᠨ 28 ᠤ ᠡᠳᠦᠷ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠦᠨᠳᠦᠰᠦᠨ ᠱᠠᠲᠤᠨ ᠳᠤ ᠬᠦᠷᠴᠦ᠂ ᠪᠣᠳᠠᠲᠠᠶ ᠠᠵᠢᠯ ᠬᠢᠵᠦ᠂ ᠣᠷᠴᠢᠨ ᠠᠬᠤᠶ ᠶᠢ ᠰᠢᠯᠢᠳᠡᠭᠵᠢᠭᠦᠯᠬᠦ ︾ ᠢᠳᠡᠭᠡᠨ ᠤ ᠵᠦᠢᠯ ︵ᠦᠢᠯᠡᠳᠪᠦᠷᠢᠯᠡᠯ᠂ ᠭᠦᠢᠯᠭᠡᠭᠡ︶ ᠤᠨ ᠲᠤᠰᠬᠠᠶ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠢᠳᠡᠭᠡᠨ ᠤ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠪᠥᠬᠦ ᠰᠢᠶᠠᠨ ᠤ ᠢᠳᠡᠭᠡᠨ ᠤ ᠵᠦᠢᠯ ︵ᠦᠢᠯᠡᠳᠪᠦᠷᠢᠯᠡᠯ᠂ ᠭᠦᠢᠯᠭᠡᠭᠡ︶ ᠤᠨ ᠡᠵᠡᠩᠨᠡᠯᠲᠡ ᠶᠢᠨ ᠡᠷᠦᠬᠡ ᠶᠢᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠲᠤᠪᠴᠢᠶ᠎ᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠤᠷᠠᠯ ᠳᠤ ᠣᠷᠣᠯᠴᠠᠭᠰᠠᠳ ᠲᠤ ︽ᠦᠨᠳᠦᠰᠦᠨ ᠱᠠᠲᠤᠨ ᠳᠤ ᠶᠠᠪᠤᠵᠤ᠂ ᠪᠣᠳᠠᠲᠠᠢ ᠶᠠᠪᠤᠳᠠᠯ ᠬᠢᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠥᠷᠨᠢᠭᠦᠯᠬᠦ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢᠳ ᠤᠨ ᠥᠪᠡᠷ ᠥᠪᠡᠷ ᠤᠨ ᠰᠠᠨᠠᠯ ᠢᠶᠠᠨ ᠶᠠᠷᠢᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠵᠤ ᠠᠬᠤᠶᠢᠯᠠᠯ ᠤᠨ ᠬᠥᠭᠵᠢᠯᠲᠡ ᠳᠤ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠂ ᠠᠰᠠᠭᠤᠳᠠᠯ ᠪᠠ ᠰᠠᠨᠠᠭᠤᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠬᠤ ᠶᠢ ᠵᠣᠷᠢᠭᠵᠢᠭᠤᠯᠪᠠ᠃      ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠠᠰᠠᠭᠤᠳᠠᠯ ᠢ ᠳᠤᠷᠠᠳᠬᠤ ᠶᠢᠨ ᠵᠡᠷᠭᠡ ᠳᠤ ᠪᠠᠰᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠣᠯᠠᠨ ᠵᠢᠯ ᠤᠨ ᠲᠤᠷᠰᠢᠬᠢ ᠵᠢᠯᠣᠭᠤᠳᠣᠯᠭ᠎ᠠ ᠪᠣᠯᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠦᠢᠯᠡᠴᠢᠯᠡᠭᠡᠨ ᠤ ᠤᠬᠠᠮᠰᠠᠷ᠂ ᠠᠵᠢᠯ ᠤᠨ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠷᠬᠡᠶᠢᠯᠡᠪᠡ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠳᠤᠷᠠᠳᠤᠭᠰᠠᠨ ᠠᠵᠢᠯᠲᠠᠨ ᠤ ᠪᠣᠯᠪᠠᠰᠤᠷᠠᠭᠤᠯᠤᠯ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢᠨ ᠲᠣᠳᠣᠷᠬᠠᠶᠢᠯᠠᠯᠲᠠ᠂ ᠬᠦᠢᠲᠡᠨ ᠬᠡᠯᠬᠢᠶᠡᠲᠦ ᠢᠳᠡᠭᠡᠨ ᠢ  ᠭᠠᠳᠠᠭᠠᠳᠤ ᠠᠴᠠ ᠣᠷᠣᠭᠤᠯᠬᠤ ᠵᠡᠷᠭᠡ ᠠᠰᠠᠭᠤᠳᠠᠯ ᠤᠨ ᠲᠤᠬᠠᠶ ᠨᠢᠭᠡᠳ ᠨᠢᠭᠡ ᠪᠠᠷ ᠬᠠᠷᠢᠭᠤᠯᠲᠠ ᠥᠭᠪᠡ᠃      ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠲᠠᠯ᠎ᠠ ᠶᠢᠨ ᠲᠣᠭᠤᠷᠢᠨ ᠳᠤ᠂ ︽ᠦᠨᠳᠦᠰᠦᠨ ᠱᠠᠲᠤᠨ ᠳᠤ ᠬᠦᠷᠴᠦ᠂ ᠪᠣᠳᠠᠲᠤ ᠶᠠᠪᠤᠳᠠᠯ ᠬᠢᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠲᠠᠭᠠᠷᠢᠯᠳᠡ ᠬᠢᠵᠦ᠂ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠤᠨ ᠰᠠᠨᠠᠯ ᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠲᠤᠰᠬᠠᠢ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠠᠬᠢᠭᠤᠯᠤᠭᠴᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃                              ᠵᠤᠬᠢᠶᠠᠭᠴᠢ᠄ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3