ᠯᠢ ᠺᠠᠶ ᠳ᠋ᠦᠩ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/10/31
     10 ᠰᠠᠷ᠎ᠠ ᠶᠢᠨ 29᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠤᠰᠠᠭᠠᠷᠯᠠᠬᠤ ᠴᠡᠭ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠺᠠᠶ ᠳ᠋ᠦᠩ ᠲᠤᠰᠠᠭᠠᠷᠯᠠᠬᠤ ᠥᠷᠥᠭᠡ ᠶᠢ ᠥᠭᠡᠷᠡᠴᠢᠯᠡᠨ ᠵᠠᠰᠠᠭᠰᠠᠨ ᠪᠠ ᠬᠤᠭᠤᠯᠠᠨ ᠬᠡᠷ ᠤᠨ ᠢᠳᠡᠭᠡᠨ ᠤᠮᠳᠠᠭᠠᠨ ᠤ ᠪᠡᠯᠡᠳᠬᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠦᠲᠦᠴᠡ ᠶᠢᠨ ᠪᠠᠶᠢᠷᠢᠯᠠᠭᠤᠯᠤᠯᠲᠠ᠂ ᠬᠡᠷ ᠳᠣᠲᠣᠷᠠᠬᠢ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ᠂ ᠪᠠᠭᠲᠠᠭᠠᠮᠵᠢ ᠶᠢᠨ ᠴᠢᠳᠠᠪᠤᠷᠢ᠂ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾᠎ ᠤᠨ ᠪᠠᠶᠢᠷᠢᠯᠠᠭᠤᠯᠤᠯᠲᠠ᠂ ᠰᠠᠭᠤᠷᠢ ᠲᠥᠬᠦᠭᠡᠷᠦᠮᠵᠢ ᠪᠠ ᠠᠵᠢᠯᠲᠠᠨ᠂ ᠡᠳ᠋ ᠪᠣᠳᠠᠰ ᠤᠨ ᠲᠣᠬᠢᠷᠠᠭᠤᠯᠤᠯᠲᠠ᠂ ᠠᠷᠢᠭᠤᠳᠬᠠᠨ ᠠᠷᠢᠯᠭᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠯᠢ ᠺᠠᠶ ᠳ᠋ᠦᠩ ᠱᠠᠭᠠᠷᠳᠠᠭᠰᠠᠨ ᠨᠢ᠂ ᠭᠥᠯᠢᠶᠡᠨ ᠠᠪᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠵᠠᠪᠰᠠᠷ ᠥᠬᠡᠶ ᠵᠣᠯᠭᠠᠭᠤᠯᠵᠤ᠂ ᠬᠤᠭᠤᠰᠣᠨ ᠲᠠᠩᠰᠠ ᠦᠯᠡᠳᠡᠭᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠲᠤᠰᠠᠭᠠᠷᠯᠠᠬᠤ ᠴᠡᠭ ᠤᠨ ᠬᠠᠷᠢᠭᠤᠴᠠᠯᠭᠠᠲᠠᠨ ᠢ ᠨᠠᠷᠢᠨ ᠨᠢᠭᠲᠠ ᠲᠤᠬᠢᠷᠠᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠰᠠᠨᠠᠭᠤᠯᠵᠤ᠂ ᠲᠤᠰᠠᠭᠠᠷᠯᠠᠬᠤ ᠴᠡᠭ ᠤᠨ ᠲᠥᠬᠦᠭᠡᠷᠦᠮᠵᠢ ᠪᠠ ᠡᠳ᠋ ᠪᠣᠳᠠᠰ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠤᠰᠠᠭᠠᠷᠯᠠᠬᠤ ᠴᠡᠭ ᠤᠨ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠵᠢᠯᠣᠭᠤᠳᠤᠨ᠂ ᠡᠯ᠎ᠡ ᠵᠦᠢᠯ ᠤᠨ ᠲᠤᠰᠠᠭᠠᠷᠯᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ᠃                                                             ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3