10 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 19 ᠳ᠋ᠦᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | | | ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ | ᠪᠣᠯᠤᠨ ᠪᠦᠬᠦ ᠬᠤᠳᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠯᠢ ᠺᠠᠢ ᠳ᠋ᠦᠩ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠲᠤᠭ ᠢᠶᠠᠨ ᠥᠨᠳᠥᠷ ᠮᠠᠨᠳᠤᠭᠤᠯᠵᠤ᠂ | ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠂ ᠡᠯᠪᠡᠭ ᠪᠠᠶᠠᠯᠢᠭ | ᠤᠯᠤᠰ ᠲᠦᠷᠦ ᠶᠢᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ᠂ | ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ᠂ ᠪᠠᠶᠢᠭᠤᠯᠤᠯ ᠤᠨ ᠦᠷ᠎ᠡ ᠪᠦᠲᠦᠭᠡᠯ ᠣᠯᠵᠤ᠂ ᠨᠠᠮ ᠪᠣᠯᠤᠨ | ᠤᠯᠤᠰ ᠤᠨ ᠦᠢᠯᠡᠰ ᠤᠨ ᠬᠥᠭᠵᠢᠯᠲᠡ ᠶᠢᠨ ᠠᠬᠢᠴᠠ ᠳᠤ ᠲᠦᠢᠯ ᠤᠨ ᠴᠢᠬᠤᠯᠠ ᠶᠡᠭᠡ ᠲᠡᠦᠬᠡᠲᠦ ᠠᠴᠢ | ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠣᠶᠢᠯᠠᠭᠠᠵᠤ᠂ | ᠢᠯᠡᠳᠬᠡᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠬᠤᠨ ᠢ ᠪᠠᠲᠤ ᠡᠵᠡᠮᠰᠢᠵᠦ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠳᠤ᠂ | ᠲᠥᠪ ᠬᠤᠷᠢᠶ᠎ᠡ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ | ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ | ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠨᠢᠭᠡᠪᠦᠷᠢ᠂ ᠨᠠᠮ ᠤᠨ ᠡᠭᠦᠷ᠂ ᠨᠠᠮ ᠤᠨ ᠭᠡᠰᠢᠭᠦᠨ ᠨᠢᠭᠡᠪᠦᠷᠢ ᠪᠠ | ᠤᠯᠠᠨ ᠲᠦᠮᠡᠨ ᠨᠢᠭᠡᠪᠦᠷᠢ ᠳᠤ ᠤᠯᠠᠮᠵᠢᠯᠠᠬᠤ ᠬᠡᠷᠡᠭᠲᠡᠢ᠃ | ᠯᠢ ᠺᠠᠢ ᠳ᠋ᠦᠩ ᠴᠢᠩᠭᠠᠳᠬᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠢᠩ ᠡᡁᠧ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠪᠠᠲᠤᠯᠠᠬᠤ | ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ︔ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠪᠠ ᠠᠮᠢ | ᠠᠬᠤᠢ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ | ᠦᠭᠡᠢ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠵᠢᠯ ᠢ | ᠭᠦᠨᠵᠡᠭᠡᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠮᠵᠢᠯᠲᠠ | ᠭᠠᠷᠭᠠᠬᠤ ᠪᠠᠷ ᠴᠢᠷᠮᠠᠶᠢᠬᠤ ᠬᠡᠷᠡᠭᠲᠡᠢ︔ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠡᠷᠲᠡ ᠠᠴᠠ ᠲᠥᠯᠥᠪᠵᠢᠭᠦᠯᠦᠨ ᠲᠤᠬᠢᠷᠠᠭᠤᠯᠵᠤ᠂ ᠢᠷᠡᠬᠦ ᠵᠢᠯ ᠤᠨ ᠡᠬᠢᠯᠡᠯᠲᠡ ᠶᠢ | ᠯᠠᠪᠳᠠᠭᠤᠨ ᠢᠶᠠᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠡᠯ᠎ᠡ ᠲᠦᠷᠦᠯ ᠤᠨ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ | ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠤᠴᠢᠷ ᠶᠠᠪᠤᠳᠠᠯ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠳᠥᠯᠥᠭᠰᠡᠨ ᠪᠠᠶᠢᠳᠠᠯ ᠵᠡᠷᠭᠡ ᠶᠢ ᠰᠤᠳᠤᠯᠪᠠ᠃ | | ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠵᠤᠤ ᠬᠤᠢ ᠵᠢᠤᠢ᠂ ᠬᠦᠩ ᠰᠢᠤ | ᠯᠦᠩ᠂ ᠵᠧᠦ ᠷᠦᠢ ᠵᠢᠶᠦ᠋ᠨ᠂ ᠡᡁᠸᠥ ᠶᠢᠩ ᠬᠤᠷᠠᠯ ᠳᠤ ᠣᠷᠣᠯᠴᠠᠵᠠᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |