ᠯᠢ ᠺᠠᠶ ᠳ᠋ᠦᠩ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/10/31
     10 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠤᠰᠠᠭᠠᠷᠯᠠᠬᠤ ᠴᠡᠭ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠺᠠᠶ ᠳ᠋ᠦᠩ ᠲᠤᠰᠠᠭᠠᠷᠯᠠᠬᠤ ᠥᠷᠥᠭᠡ ᠶᠢ ᠥᠭᠡᠷᠡᠴᠢᠯᠡᠨ ᠵᠠᠰᠠᠭᠰᠠᠨ ᠪᠠ ᠬᠤᠭᠤᠯᠠᠨ ᠬᠡᠷ ᠤᠨ ᠢᠳᠡᠭᠡᠨ ᠤᠮᠳᠠᠭᠠᠨ ᠤ ᠪᠡᠯᠡᠳᠬᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠦᠲᠦᠴᠡ ᠶᠢᠨ ᠪᠠᠶᠢᠷᠢᠯᠠᠭᠤᠯᠤᠯᠲᠠ᠂ ᠬᠡᠷ ᠳᠣᠲᠣᠷᠠᠬᠢ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ᠂ ᠪᠠᠭᠲᠠᠭᠠᠮᠵᠢ ᠶᠢᠨ ᠴᠢᠳᠠᠪᠤᠷᠢ᠂ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠤᠨ ᠪᠠᠶᠢᠷᠢᠯᠠᠭᠤᠯᠤᠯᠲᠠ᠂ ᠰᠠᠭᠤᠷᠢ ᠲᠥᠬᠦᠭᠡᠷᠦᠮᠵᠢ ᠪᠠ ᠠᠵᠢᠯᠲᠠᠨ᠂ ᠡᠳ᠋ ᠪᠣᠳᠠᠰ ᠤᠨ ᠲᠣᠬᠢᠷᠠᠭᠤᠯᠤᠯᠲᠠ᠂ ᠠᠷᠢᠭᠤᠳᠬᠠᠨ ᠠᠷᠢᠯᠭᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠯᠢ ᠺᠠᠶ ᠳ᠋ᠦᠩ ᠱᠠᠭᠠᠷᠳᠠᠭᠰᠠᠨ ᠨᠢ᠂ ᠭᠥᠯᠢᠶᠡᠨ ᠠᠪᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠵᠠᠪᠰᠠᠷ ᠥᠬᠡᠶ ᠵᠣᠯᠭᠠᠭᠤᠯᠵᠤ᠂ ᠬᠤᠭᠤᠰᠣᠨ ᠲᠠᠩᠰᠠ ᠦᠯᠡᠳᠡᠭᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠲᠤᠰᠠᠭᠠᠷᠯᠠᠬᠤ ᠴᠡᠭ ᠤᠨ ᠬᠠᠷᠢᠭᠤᠴᠠᠯᠭᠠᠲᠠᠨ ᠢ ᠨᠠᠷᠢᠨ ᠨᠢᠭᠲᠠ ᠲᠤᠬᠢᠷᠠᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠰᠠᠨᠠᠭᠤᠯᠵᠤ᠂ ᠲᠤᠰᠠᠭᠠᠷᠯᠠᠬᠤ ᠴᠡᠭ ᠤᠨ ᠲᠥᠬᠦᠭᠡᠷᠦᠮᠵᠢ ᠪᠠ ᠡᠳ᠋ ᠪᠣᠳᠠᠰ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠤᠰᠠᠭᠠᠷᠯᠠᠬᠤ ᠴᠡᠭ ᠤᠨ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠵᠢᠯᠣᠭᠤᠳᠤᠨ᠂ ᠡᠯ᠎ᠡ ᠵᠦᠢᠯ ᠤᠨ ᠲᠤᠰᠠᠭᠠᠷᠯᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ᠃                                                             ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3