ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 19 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/31
     10 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 19 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠪᠣᠯᠤᠨ ᠪᠦᠬᠦ ᠬᠤᠳᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠯᠢ ᠺᠠᠢ ᠳ᠋ᠦᠩ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠂ ᠡᠯᠪᠡᠭ ᠪᠠᠶᠠᠯᠢᠭ ᠤᠯᠤᠰ ᠲᠦᠷᠦ ᠶᠢᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ᠂ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ᠂ ᠪᠠᠶᠢᠭᠤᠯᠤᠯ ᠤᠨ ᠦᠷ᠎ᠡ ᠪᠦᠲᠦᠭᠡᠯ ᠣᠯᠵᠤ᠂ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠶᠢᠨ ᠠᠬᠢᠴᠠ ᠳᠤ ᠲᠦᠢᠯ ᠤᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠢᠯᠡᠳᠬᠡᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠬᠤᠨ ᠢ ᠪᠠᠲᠤ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠳᠤ᠂ ᠲᠥᠪ ᠬᠤᠷᠢᠶ᠎ᠡ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠨᠢᠭᠡᠪᠦᠷᠢ᠂ ᠨᠠᠮ ᠤᠨ ᠡᠭᠦᠷ᠂ ᠨᠠᠮ ᠤᠨ ᠭᠡᠰᠢᠭᠦᠨ ᠨᠢᠭᠡᠪᠦᠷᠢ ᠪᠠ ᠤᠯᠠᠨ ᠲᠦᠮᠡᠨ ᠨᠢᠭᠡᠪᠦᠷᠢ ᠳᠤ ᠤᠯᠠᠮᠵᠢᠯᠠᠬᠤ ᠬᠡᠷᠡᠭᠲᠡᠢ᠃      ᠯᠢ ᠺᠠᠢ ᠳ᠋ᠦᠩ ᠴᠢᠩᠭᠠᠳᠬᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠩ ᠡᡁᠧ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠪᠠ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠮᠵᠢᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ︔ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠡᠷᠲᠡ ᠠᠴᠠ ᠲᠥᠯᠥᠪᠵᠢᠭᠦᠯᠦᠨ ᠲᠤᠬᠢᠷᠠᠭᠤᠯᠵᠤ᠂ ᠢᠷᠡᠬᠦ ᠵᠢᠯ ᠤᠨ ᠡᠬᠢᠯᠡᠯᠲᠡ ᠶᠢ ᠯᠠᠪᠳᠠᠭᠤᠨ ᠢᠶᠠᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠳᠥᠯᠥᠭᠰᠡᠨ ᠪᠠᠶᠢᠳᠠᠯ ᠵᠡᠷᠭᠡ ᠶᠢ ᠰᠤᠳᠤᠯᠪᠠ᠃      ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠵᠤᠤ ᠬᠤᠢ ᠵᠢᠤᠢ᠂ ᠬᠦᠩ ᠰᠢᠤ ᠯᠦᠩ᠂ ᠵᠧᠦ ᠷᠦᠢ ᠵᠢᠶᠦ᠋ᠨ᠂ ᠡᡁᠸᠥ ᠶᠢᠩ ᠬᠤᠷᠠᠯ ᠳᠤ ᠣᠷᠣᠯᠴᠠᠵᠠᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3