ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠠᠵᠢᠯᠯᠠᠭ᠎ᠠ ᠰᠢᠩ ᠾᠧ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/10/8
     9 ᠰᠠᠷ᠎ᠠ ᠶᠢᠨ 29᠎ ᠤ ᠡᠳᠦᠷ ᠠᠴᠠ 30᠎ ᠤ ᠡᠳᠦᠷ ᠪᠣᠯᠲᠠᠯ᠎ᠠ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠠᠵᠢᠯᠯᠠᠭ᠎ᠠ ᠰᠢᠩ ᠾᠧ ᠰᠢᠶᠠᠨ ᠳᠤ ᠶᠠᠪᠤᠭᠳᠠᠪᠠ᠃ ᠬᠤᠳᠠ ᠶᠢᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠭᠰᠠᠨ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ᠂ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠢ ᠴᠢᠩ ᠨᠡᠷ ᠢᠶᠠᠷ ᠪᠦᠷᠢᠯᠳᠦᠭᠰᠡᠨ ᠲᠣᠭᠤᠷᠢᠨ ᠦᠵᠡᠬᠦ ᠪᠦᠯᠬᠦᠮ ᠵᠢᠴᠢ ᠬᠤᠯᠪᠣᠭᠳᠠᠯ ᠪᠦᠬᠦᠢ ᠠᠵᠢᠯᠲᠠᠳ ᠠᠵᠢᠯᠯᠠᠭ᠎ᠠ ᠳᠤ ᠣᠷᠣᠯᠴᠠᠪᠠ
     ᠲᠣᠭᠤᠷᠢᠨ ᠦᠵᠡᠬᠦ ᠪᠦᠯᠬᠦᠮ ᠤᠨ ᠬᠢᠨ ᠨᠢᠭᠡ ᠡᠳᠦᠷ ᠬᠠᠭᠠᠰ ᠤᠨ ᠴᠠᠭ ᠢ ᠠᠰᠢᠭᠯᠠᠨ ᠤᠷᠢᠳ ᠬᠤᠵᠢᠳ ᠴᠧᠩ ᠭᠤᠸᠠᠨ ᠪᠠᠯᠭᠠᠰᠤᠨ ᠤ ᠰᠢ ᠭᠤᠸᠠᠨ ᠲᠣᠰᠬᠤᠨ᠂ ᠯᠦᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠢᠨ ᠴᠧᠩ ᠨᠡᠶᠢᠭᠡᠮ ᠲᠣᠭᠤᠷᠢᠭ ᠵᠡᠷᠭᠡ 11 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠰᠬᠠᠶ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠶᠢ ᠪᠠᠶᠢᠴᠠᠭᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠳᠤᠮᠳᠠ ᠲᠤᠷᠰᠢᠯᠭ᠎ᠠ ᠪᠠᠨ ᠰᠣᠯᠢᠯᠴᠠᠵᠤ᠂ ᠵᠥᠷᠢᠶ᠎ᠡ ᠪᠠᠨ ᠡᠷᠢᠵᠦ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃      ᠳᠠᠷᠠᠭ᠎ᠠ ᠪᠠᠷ ᠨᠢ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠠᠵᠢᠯᠯᠠᠭ᠎ᠠ ᠶᠢᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠰᠢᠩ ᠡᡁᠧ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠸᠢᠳᠢᠣ᠋ ᠶᠢ ᠬᠠᠮᠲᠤᠪᠠᠷ ᠰᠣᠨᠢᠷᠬᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ ᠲᠤᠷᠰᠢᠯᠭ᠎ᠠ ᠠᠷᠭ᠎ᠠ ᠬᠢᠳᠡᠯ ᠵᠢᠴᠢ ᠬᠢᠯᠠᠰ ᠴᠡᠭ ᠦᠷ᠎ᠡ ᠪᠦᠲᠦᠮᠵᠢ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠦ ᠰᠠᠨᠠᠯ ᠢᠶᠠᠨ ᠰᠣᠯᠢᠯᠴᠠᠪᠠ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠦᠨᠡᠯᠡᠯᠲᠡ ᠶᠢᠨ ᠶᠠᠷᠢᠶᠠᠨ ᠳᠠᠭᠠᠨ ᠮᠠᠨ ᠤ ᠰᠢᠶᠠᠨ ᠤ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠ ᠠᠵᠢᠯ ᠤᠨ ᠬᠢᠯᠠᠰ ᠴᠡᠭ ᠢ ᠭᠦᠢᠴᠡᠳ ᠨᠤᠲᠠᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠨᠢᠭᠡ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠭᠦᠳᠦᠨ ᠪᠠᠶᠢᠭᠤᠯᠬᠤ ᠳᠤ ᠥᠷᠭᠡᠨ ᠢᠶᠠᠷ ᠣᠷᠣᠯᠴᠠᠬᠤ ᠶᠢ ᠬᠥᠲᠥᠯᠦᠨ ᠵᠢᠯᠣᠭᠤᠳᠴᠤ᠂ ᠡᠯ᠎ᠡ ᠠᠵᠢᠯ ᠲᠥᠷᠥᠯ ᠤᠨ ᠰᠢᠰᠲ᠋ᠧᠮ ᠤᠨ ᠡᠭᠦᠷᠭᠡ ᠴᠢᠳᠠᠪᠤᠷᠢ ᠪᠠ ᠳᠠᠪᠠᠭᠤᠯᠢᠭ ᠢ ᠪᠠᠳᠠᠷᠠᠭᠤᠯᠤᠨ᠂ ᠡᠭᠦᠳᠦᠨ ᠪᠠᠶᠢᠭᠤᠯᠬᠤ ᠠᠵᠢᠯ ᠤᠨ ᠰᠢᠨ᠎ᠡ ᠵᠠᠭᠪᠤᠷ ᠢ ᠪᠣᠶ ᠪᠣᠯᠭᠠᠨ᠎ᠠ︔ ᠬᠤᠶᠠᠷ ᠲᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠡᠷᠬᠢᠯᠡᠬᠦ ᠶᠢ ᠦᠨᠡᠨ ᠬᠦ ᠪᠡᠶᠡᠯᠡᠭᠦᠯᠵᠦ᠂ ᠦᠨᠳᠦᠰᠦᠲᠡᠨ ᠤ ᠠᠵᠢᠯ ᠳᠠᠬᠢ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠲᠡᠨ ᠤ ᠠᠵᠢᠯ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ︔ ᠭᠤᠷᠪᠠ ᠳᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠤᠯᠠᠨ ᠲᠦᠮᠡᠨᠴᠢᠯᠡᠬᠦ᠂ ᠪᠣᠳᠠᠲᠤ ᠴᠣᠭᠴᠠᠴᠢᠯᠠᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠪᠠᠳᠠᠷᠠᠭᠤᠯᠤᠨ ᠳᠡᠯᠭᠡᠷᠡᠭᠦᠯᠬᠦ ᠶᠢᠨ ᠲᠥᠯᠥᠭᠡ ᠶᠤᠮ᠃      ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶ ᠴᠢᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠲᠤᠰ ᠤᠳᠠᠭᠠᠨ ᠤ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠬᠢᠨᠠᠯᠲᠠ ᠲᠠᠯᠪᠢᠵᠤ ᠵᠢᠯᠣᠭᠤᠳᠬᠤ ᠶᠢ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠬᠤ᠂ ᠵᠢᠱᠢᠶ᠎ᠡ ᠦᠵᠡᠭᠦᠯᠦᠨ ᠳᠠᠭᠠᠭᠤᠯᠬᠤ᠂ ᠠᠵᠢᠯ ᠢ ᠤᠶᠠᠯᠳᠤᠭᠤᠯᠬᠤ ᠵᠡᠷᠭᠡ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠪᠥᠬᠦ ᠲᠠᠯ᠎ᠠ ᠶᠢᠨ᠂ ᠣᠯᠠᠨ ᠠᠷᠭ᠎ᠠ ᠵᠠᠮ᠂ ᠪᠣᠰᠤᠭ᠎ᠠ ᠴᠣᠭᠴᠠᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠢᠨ᠎ᠡ ᠪᠠᠶᠢᠷᠢᠰᠢᠯ ᠢ ᠦᠷᠭᠦᠯᠵᠢᠯᠡᠨ ᠪᠠᠶᠢᠭᠤᠯᠵᠤ᠂ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠰ ᠳᠡᠪᠰᠢᠭᠰᠡᠨ ᠬᠡᠪ ᠵᠠᠭᠪᠤᠷ ᠢ ᠪᠣᠶ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3