9 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠪᠥᠬᠦ ᠬᠤᠲᠠ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ | ᠦᠨᠡᠯᠡᠬᠦ ᠠᠵᠢᠯᠯᠠᠭ᠎ᠠ ᠰᠢᠩ ᠾᠧ ᠰᠢᠶᠠᠨ ᠳᠤ ᠶᠠᠪᠤᠭᠳᠠᠪᠠ᠃ ᠬᠤᠳᠠ ᠶᠢᠨ ᠰᠠᠬᠢᠯᠭ᠎ᠠ ᠪᠠᠲᠤ ᠬᠢᠨᠠᠨ ᠪᠠᠶᠢᠴᠠᠭᠠᠬᠤ | ᠵᠥᠪᠯᠡᠯ ᠤᠨ ᠲᠣᠮᠢᠯᠠᠭᠰᠠᠨ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠵᠤᠤ ᠬᠤᠢ ᠵᠢᠤᠢ᠂ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠢ ᠴᠢᠩ ᠨᠡᠷ ᠢᠶᠠᠷ | ᠪᠦᠷᠢᠯᠳᠦᠭᠰᠡᠨ ᠲᠣᠭᠤᠷᠢᠨ ᠦᠵᠡᠬᠦ ᠪᠦᠯᠬᠦᠮ ᠵᠢᠴᠢ ᠬᠤᠯᠪᠣᠭᠳᠠᠯ ᠪᠦᠬᠦᠢ ᠠᠵᠢᠯᠲᠠᠳ ᠠᠵᠢᠯᠯᠠᠭ᠎ᠠ ᠳᠤ ᠣᠷᠣᠯᠴᠠᠪᠠ | ᠃ | | | ᠲᠣᠭᠤᠷᠢᠨ ᠦᠵᠡᠬᠦ ᠪᠦᠯᠬᠦᠮ ᠤᠨ ᠬᠢᠨ ᠨᠢᠭᠡ ᠡᠳᠦᠷ ᠬᠠᠭᠠᠰ ᠤᠨ ᠴᠠᠭ ᠢ ᠠᠰᠢᠭᠯᠠᠨ ᠤᠷᠢᠳ ᠬᠤᠵᠢᠳ | ᠴᠧᠩ ᠭᠤᠸᠠᠨ ᠪᠠᠯᠭᠠᠰᠤᠨ ᠤ ᠰᠢ ᠭᠤᠸᠠᠨ ᠲᠣᠰᠬᠤᠨ᠂ ᠯᠦᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠢᠨ ᠴᠧᠩ ᠨᠡᠶᠢᠭᠡᠮ ᠲᠣᠭᠤᠷᠢᠭ ᠵᠡᠷᠭᠡ 11 | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠲᠤ | ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠤᠬᠠᠶ ᠶᠢᠨ ᠭᠠᠵᠠᠷ ᠲᠤᠨᠢ | ᠲᠣᠭᠤᠷᠢᠨ ᠦᠵᠡᠬᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠰᠬᠠᠶ ᠶᠠᠷᠢᠯᠴᠠᠬᠤ᠂ ᠠᠰᠠᠭᠤᠯᠲᠠ ᠶᠢᠨ | ᠬᠠᠭᠤᠳᠠᠰᠤ ᠶᠢ ᠪᠠᠶᠢᠴᠠᠭᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠵᠢᠴᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠵᠤ᠂ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠳᠤᠮᠳᠠ | ᠲᠤᠷᠰᠢᠯᠭ᠎ᠠ ᠪᠠᠨ ᠰᠣᠯᠢᠯᠴᠠᠵᠤ᠂ ᠵᠥᠷᠢᠶ᠎ᠡ ᠪᠠᠨ ᠡᠷᠢᠵᠦ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ | ᠲᠠᠯ᠎ᠠ ᠪᠠᠨ ᠨᠥᠬᠦᠪᠥᠷᠢᠯᠡᠵᠦ᠂ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ | ᠳᠠᠷᠠᠭ᠎ᠠ ᠪᠠᠷ ᠨᠢ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠠᠵᠢᠯᠯᠠᠭ᠎ᠠ ᠶᠢᠨ ᠬᠠᠷᠢᠭᠤ | ᠮᠡᠳᠡᠭᠦᠯᠦᠯᠲᠡ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ | ᠪᠦᠬᠦ ᠬᠥᠮᠦᠰ ᠰᠢᠩ ᠡᡁᠧ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ | ᠠᠵᠢᠯ ᠤᠨ ᠤᠬᠠᠭᠤᠯᠭ᠎ᠠ ᠶᠢᠨ ᠸᠢᠳᠢᠣ᠋ ᠶᠢ ᠬᠠᠮᠲᠤᠪᠠᠷ ᠰᠣᠨᠢᠷᠬᠠᠪᠠ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠮᠠᠨ ᠤ ᠰᠢᠶᠠᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ | ᠲᠤᠷᠰᠢᠯᠭ᠎ᠠ ᠠᠷᠭ᠎ᠠ ᠬᠢᠳᠡᠯ ᠵᠢᠴᠢ ᠬᠢᠯᠠᠰ ᠴᠡᠭ ᠦᠷ᠎ᠡ ᠪᠦᠲᠦᠮᠵᠢ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠦ | ᠰᠠᠨᠠᠯ ᠢᠶᠠᠨ ᠰᠣᠯᠢᠯᠴᠠᠪᠠ᠃ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ | ᠰᠠᠭᠤᠯᠭᠠᠭᠰᠠᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠦᠨᠡᠯᠡᠯᠲᠡ ᠶᠢᠨ ᠶᠠᠷᠢᠶᠠᠨ ᠳᠠᠭᠠᠨ ᠮᠠᠨ ᠤ ᠰᠢᠶᠠᠨ ᠤ | ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠ ᠠᠵᠢᠯ ᠤᠨ ᠬᠢᠯᠠᠰ ᠴᠡᠭ ᠢ ᠭᠦᠢᠴᠡᠳ ᠨᠤᠲᠠᠯᠠᠭᠰᠠᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠨᠢᠭᠡ ᠳᠤ᠂ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠭᠦᠳᠦᠨ ᠪᠠᠶᠢᠭᠤᠯᠬᠤ ᠳᠤ ᠥᠷᠭᠡᠨ ᠢᠶᠠᠷ ᠣᠷᠣᠯᠴᠠᠬᠤ ᠶᠢ ᠬᠥᠲᠥᠯᠦᠨ | ᠵᠢᠯᠣᠭᠤᠳᠴᠤ᠂ ᠡᠯ᠎ᠡ ᠠᠵᠢᠯ ᠲᠥᠷᠥᠯ ᠤᠨ ᠰᠢᠰᠲ᠋ᠧᠮ ᠤᠨ ᠡᠭᠦᠷᠭᠡ ᠴᠢᠳᠠᠪᠤᠷᠢ ᠪᠠ ᠳᠠᠪᠠᠭᠤᠯᠢᠭ ᠢ ᠪᠠᠳᠠᠷᠠᠭᠤᠯᠤᠨ᠂ | ᠡᠭᠦᠳᠦᠨ ᠪᠠᠶᠢᠭᠤᠯᠬᠤ ᠠᠵᠢᠯ ᠤᠨ ᠰᠢᠨ᠎ᠡ ᠵᠠᠭᠪᠤᠷ ᠢ ᠪᠣᠶ ᠪᠣᠯᠭᠠᠨ᠎ᠠ︔ ᠬᠤᠶᠠᠷ ᠲᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠦᠨᠳᠦᠰᠦᠲᠡᠨ ᠤ ᠠᠵᠢᠯ ᠢ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ | ᠲᠠᠯ᠎ᠠ ᠠᠴᠠ ᠡᠷᠬᠢᠯᠡᠬᠦ ᠶᠢ ᠦᠨᠡᠨ ᠬᠦ ᠪᠡᠶᠡᠯᠡᠭᠦᠯᠵᠦ᠂ ᠦᠨᠳᠦᠰᠦᠲᠡᠨ ᠤ ᠠᠵᠢᠯ ᠳᠠᠬᠢ ᠣᠷᠣᠭᠤᠯᠤᠯᠲᠠ ᠪᠠᠨ | ᠦᠷᠭᠦᠯᠵᠢᠯᠡᠨ ᠨᠡᠮᠡᠭᠳᠡᠭᠦᠯᠵᠦ᠂ ᠦᠨᠳᠦᠰᠦᠲᠡᠨ ᠤ ᠠᠵᠢᠯ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠪᠡᠯᠡ | ᠮᠥᠩᠭᠦᠨ ᠤ ᠪᠠᠲᠤᠯᠠᠭ᠎ᠠ ᠬᠠᠩᠭᠠᠨ᠎ᠠ︔ ᠭᠤᠷᠪᠠ ᠳᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ | ᠰᠢᠰᠲᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠤᠯᠠᠨ ᠲᠦᠮᠡᠨᠴᠢᠯᠡᠬᠦ᠂ ᠪᠣᠳᠠᠲᠤ ᠴᠣᠭᠴᠠᠴᠢᠯᠠᠬᠤ ᠶᠢ | ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠪᠠᠳᠠᠷᠠᠭᠤᠯᠤᠨ ᠳᠡᠯᠭᠡᠷᠡᠭᠦᠯᠬᠦ ᠶᠢᠨ | ᠲᠥᠯᠥᠭᠡ ᠶᠤᠮ᠃ | ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶ ᠴᠢᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ | ᠲᠤᠰ ᠤᠳᠠᠭᠠᠨ ᠤ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠠᠵᠢᠯᠯᠠᠭ᠎ᠠ ᠪᠠᠷ ᠠᠵᠠ | ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ | ᠭᠤᠣᠯ ᠰᠢᠵᠢᠮ ᠪᠣᠯᠭᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠬᠢᠨᠠᠯᠲᠠ | ᠲᠠᠯᠪᠢᠵᠤ ᠵᠢᠯᠣᠭᠤᠳᠬᠤ ᠶᠢ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠬᠤ᠂ ᠵᠢᠱᠢᠶ᠎ᠡ ᠦᠵᠡᠭᠦᠯᠦᠨ | ᠳᠠᠭᠠᠭᠤᠯᠬᠤ᠂ ᠠᠵᠢᠯ ᠢ ᠤᠶᠠᠯᠳᠤᠭᠤᠯᠬᠤ ᠵᠡᠷᠭᠡ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠪᠥᠬᠦ ᠲᠠᠯ᠎ᠠ ᠶᠢᠨ᠂ ᠣᠯᠠᠨ | ᠠᠷᠭ᠎ᠠ ᠵᠠᠮ᠂ ᠪᠣᠰᠤᠭ᠎ᠠ ᠴᠣᠭᠴᠠᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠢᠨ᠎ᠡ | ᠪᠠᠶᠢᠷᠢᠰᠢᠯ ᠢ ᠦᠷᠭᠦᠯᠵᠢᠯᠡᠨ ᠪᠠᠶᠢᠭᠤᠯᠵᠤ᠂ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠰ ᠳᠡᠪᠰᠢᠭᠰᠡᠨ ᠬᠡᠪ ᠵᠠᠭᠪᠤᠷ ᠢ ᠪᠣᠶ ᠪᠣᠯᠭᠠᠵᠤ᠂ | ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠶ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |