10 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠳᠥᠷᠪᠡᠨ | ᠤᠯᠠᠷᠢᠯ ᠤᠨ ᠬᠤᠸᠠ ᠵᠢᠶᠧ ᠰᠢᠩ ᠪᠣᠯᠤᠨ ᠣᠯᠠᠨ ᠤᠯᠤᠰ ᠤᠨ ᠵᠣᠴᠢᠳ ᠤᠨ ᠪᠠᠭᠤᠳᠠᠯ ᠵᠡᠷᠭᠡ ᠲᠤᠰᠠᠭᠠᠷᠯᠠᠬᠤ | ᠴᠡᠭ ᠲᠤ ᠭᠦᠨᠵᠡᠭᠡᠶᠢᠷᠡᠨ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠰᠣᠷᠣᠭᠴᠢ ᠶᠢ ᠭᠥᠯᠢᠶᠡᠨ ᠠᠪᠬᠤ | ᠪᠠᠲᠤᠯᠠᠭ᠎ᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ | | | ᠸᠠᠩ ᠬᠤᠢ ᠢᠦᠢ ᠶᠠᠭ ᠰᠠᠶᠢᠬᠠᠨ ᠥᠭᠡᠷᠡᠴᠢᠯᠡᠵᠦ ᠪᠠᠶᠢᠭ᠎ᠠ ᠲᠤᠰᠠᠭᠠᠷᠯᠠᠬᠤ ᠴᠡᠭ ᠲᠤ ᠬᠦᠷᠴᠦ᠂ | ᠲᠤᠰᠠᠭᠠᠷᠯᠠᠭᠰᠠᠨ ᠦᠷᠦᠭᠡ ᠶᠢ ᠥᠭᠡᠷᠡᠴᠢᠯᠡᠨ ᠪᠠᠶᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠬᠦᠯᠢᠶᠡᠨ ᠠᠪᠬᠤ ᠴᠢᠳᠠᠪᠤᠷᠢ᠂ ᠣᠷᠣᠨ ᠪᠦᠰᠡ ᠶᠢᠨ ᠬᠤᠪᠢᠶᠠᠷᠢᠯᠠᠯ᠂ ᠵᠢᠷᠤᠮᠵᠢᠯ ᠲᠠᠢ | ᠪᠦᠳᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠲᠡᠷᠡ ᠵᠢᠭᠠᠵᠤ ᠭᠠᠷᠭᠠᠭᠰᠠᠨ ᠨᠢ᠂ ᠲᠥᠪᠯᠡᠷᠡᠭᠦᠯᠦᠨ ᠲᠤᠰᠠᠭᠠᠷᠯᠠᠬᠤ ᠪᠣᠯ ᠬᠢᠵᠢᠭ ᠤᠨ ᠲᠠᠷᠬᠠᠯᠲᠠ ᠶᠢ ᠪᠦᠲᠦᠮᠵᠢᠲᠡᠶ | ᠬᠤᠷᠢᠭᠯᠠᠬᠤ ᠴᠢᠬᠤᠯᠠ ᠠᠷᠭ᠎ᠠ ᠪᠠᠷᠢᠯ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠤᠷᠳᠤᠴᠠ | ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠲᠤᠰᠠᠭᠠᠷᠯᠠᠬᠤ ᠴᠡᠭ ᠤᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠤᠯᠪᠣᠭᠳᠠᠯ ᠪᠥᠬᠦᠶ ᠢᠵᠢ | ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ︽ᠭᠤᠷᠪᠠᠨ ᠣᠷᠣᠨ ᠬᠤᠶᠠᠷ ᠨᠡᠪᠲᠡᠷᠡᠬᠦ ᠵᠠᠮ︾ ᠢ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠥᠭᠡᠷᠡᠴᠢᠯᠡᠯᠲᠡ ᠶᠢ ᠴᠠᠭ | ᠮᠥᠴᠡ ᠶᠢ ᠠᠯᠳᠠᠯ ᠥᠬᠡᠶ ᠪᠠᠷ ᠲᠦᠷᠭᠡᠳᠬᠡᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ ᠭᠡᠵᠡᠶ᠃ | ᠸᠠᠩ ᠬᠤᠢ ᠢᠦᠶ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠭᠡ | ᠲᠠᠯ᠎ᠠ ᠶᠢ ᠴᠢᠬᠤᠯᠠᠴᠢᠯᠠᠨ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠥᠬᠡᠬᠤᠲᠠ ᠳᠤ ᠰᠠᠭᠤᠭ᠎ᠠ ᠳᠡᠭᠡᠳᠦ | ᠰᠤᠷᠭᠠᠭᠤᠯᠢ ᠶᠢᠨ ᠰᠣᠷᠣᠭᠴᠢ ᠶᠢ ᠭᠥᠯᠢᠶᠡᠨ ᠠᠪᠬᠤ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠰᠠᠶᠢᠲᠤᠷ ᠬᠢᠬᠦ | ᠬᠡᠷᠡᠭᠲᠡᠶ᠃ ᠲᠤᠰᠠᠭᠠᠷᠯᠠᠬᠤ ᠴᠡᠭ ᠢ ᠵᠢᠷᠤᠮᠵᠢᠭᠤᠯᠤᠨ ᠨᠠᠷᠢᠯᠢᠬᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ | ᠲᠤᠰᠬᠠᠶ ᠠᠩᠭᠢ ᠳᠤ ᠣᠷᠣᠵᠤ ᠰᠠᠭᠤᠬᠤ ᠬᠦᠴᠦᠨ ᠢ ᠪᠦᠷᠢᠨ ᠭᠦᠢᠴᠡᠳ ᠳᠣᠭᠢᠷᠠᠭᠤᠯᠤᠨ ᠴᠢᠩᠭᠠᠳᠬᠠᠵᠤ᠂ | ᠭᠥᠯᠢᠶᠡᠨ ᠠᠪᠴᠤ ᠰᠢᠯᠵᠢᠭᠦᠯᠦᠨ ᠲᠡᠭᠡᠭᠡᠪᠦᠷᠢᠯᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠪᠣᠬᠢᠷᠲᠤᠯ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠵᠢᠷᠤᠮᠵᠢᠭᠤᠯᠤᠨ ᠰᠠᠶᠢᠲᠤᠷ ᠬᠢᠵᠦ᠂ | ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠰᠣᠯᠪᠢᠴᠠᠨ ᠬᠠᠯᠳᠠᠪᠤᠷᠢᠯᠠᠬᠤ | ᠵᠡᠷᠭᠡ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠵᠤ᠂ | ᠠᠮᠢᠳᠤᠷᠠᠯ ᠤᠨ ᠦᠢᠯᠡᠴᠢᠯᠡᠭᠡ ᠪᠠ ᠰᠡᠳᠬᠢᠴᠡ ᠶᠢᠨ ᠵᠢᠯᠤᠭᠤᠳᠤᠯᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ | ᠬᠢᠵᠦ᠂ ᠰᠤᠷᠤᠭᠴᠢᠳ ᠤᠨ ᠲᠤᠰᠠᠭᠠᠷᠯᠠᠬᠤ ᠬᠤᠭᠤᠴᠠᠭᠠᠨ ᠳᠠᠬᠢ ᠠᠮᠤᠷ ᠲᠦᠪᠰᠢᠨ᠂ ᠰᠠᠨᠠᠭ᠎ᠠ ᠠᠮᠤᠷ ᠪᠠᠶᠢᠬᠤ ᠶᠢ | ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠵᠣᠣ ᠷᠦᠢ᠂ ᠸᠠᠩ ᠰᠢᠶᠤᠤ ᠵᠢᠶᠦ᠋ᠨ᠂ ᠵᠣᠣ ᠬᠤᠶ ᠵᠢᠤᠢ᠂ ᠾᠧ ᠬᠠᠶ ᠶᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |