ᠸᠠᠩ ᠬᠤᠢ ᠢᠦᠶ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠰᠣᠷᠣᠭᠴᠢ ᠶᠢ ᠭᠥᠯᠢᠶᠡᠨ ᠠᠪᠬᠤ ᠪᠠᠲᠤᠯᠠᠭ᠎ᠠ ᠶᠢᠨ ᠠᠵᠢᠯ ᠢ ᠰᠢᠪᠠᠳᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/1
     10 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠳᠥᠷᠪᠡᠨ ᠤᠯᠠᠷᠢᠯ ᠤᠨ ᠬᠤᠸᠠ ᠵᠢᠶᠧ ᠰᠢᠩ ᠪᠣᠯᠤᠨ ᠣᠯᠠᠨ ᠤᠯᠤᠰ ᠤᠨ ᠵᠣᠴᠢᠳ ᠤᠨ ᠪᠠᠭᠤᠳᠠᠯ ᠵᠡᠷᠭᠡ ᠲᠤᠰᠠᠭᠠᠷᠯᠠᠬᠤ ᠴᠡᠭ ᠲᠤ ᠭᠦᠨᠵᠡᠭᠡᠶᠢᠷᠡᠨ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠰᠣᠷᠣᠭᠴᠢ ᠶᠢ ᠭᠥᠯᠢᠶᠡᠨ ᠠᠪᠬᠤ ᠪᠠᠲᠤᠯᠠᠭ᠎ᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃
     ᠸᠠᠩ ᠬᠤᠢ ᠢᠦᠢ ᠶᠠᠭ ᠰᠠᠶᠢᠬᠠᠨ ᠥᠭᠡᠷᠡᠴᠢᠯᠡᠵᠦ ᠪᠠᠶᠢᠭ᠎ᠠ ᠲᠤᠰᠠᠭᠠᠷᠯᠠᠬᠤ ᠴᠡᠭ ᠲᠤ ᠬᠦᠷᠴᠦ᠂ ᠲᠤᠰᠠᠭᠠᠷᠯᠠᠭᠰᠠᠨ ᠦᠷᠦᠭᠡ ᠶᠢ ᠥᠭᠡᠷᠡᠴᠢᠯᠡᠨ ᠪᠠᠶᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠦᠯᠢᠶᠡᠨ ᠠᠪᠬᠤ ᠴᠢᠳᠠᠪᠤᠷᠢ᠂ ᠣᠷᠣᠨ ᠪᠦᠰᠡ ᠶᠢᠨ ᠬᠤᠪᠢᠶᠠᠷᠢᠯᠠᠯ᠂ ᠵᠢᠷᠤᠮᠵᠢᠯ ᠲᠠᠢ ᠪᠦᠳᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠲᠥᠪᠯᠡᠷᠡᠭᠦᠯᠦᠨ ᠲᠤᠰᠠᠭᠠᠷᠯᠠᠬᠤ ᠪᠣᠯ ᠬᠢᠵᠢᠭ ᠤᠨ ᠲᠠᠷᠬᠠᠯᠲᠠ ᠶᠢ ᠪᠦᠲᠦᠮᠵᠢᠲᠡᠶ ᠬᠤᠷᠢᠭᠯᠠᠬᠤ ᠴᠢᠬᠤᠯᠠ ᠠᠷᠭ᠎ᠠ ᠪᠠᠷᠢᠯ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠤᠷᠳᠤᠴᠠ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠲᠤᠰᠠᠭᠠᠷᠯᠠᠬᠤ ᠴᠡᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠤᠯᠪᠣᠭᠳᠠᠯ ᠪᠥᠬᠦᠶ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ︽ᠭᠤᠷᠪᠠᠨ ᠣᠷᠣᠨ ᠬᠤᠶᠠᠷ ᠨᠡᠪᠲᠡᠷᠡᠬᠦ ᠵᠠᠮ︾ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠥᠭᠡᠷᠡᠴᠢᠯᠡᠯᠲᠡ ᠶᠢ ᠴᠠᠭ ᠮᠥᠴᠡ ᠶᠢ ᠠᠯᠳᠠᠯ ᠥᠬᠡᠶ ᠪᠠᠷ ᠲᠦᠷᠭᠡᠳᠬᠡᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃      ᠸᠠᠩ ᠬᠤᠢ ᠢᠦᠶ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠭᠡ ᠲᠠᠯ᠎ᠠ ᠶᠢ ᠴᠢᠬᠤᠯᠠᠴᠢᠯᠠᠨ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠰᠣᠷᠣᠭᠴᠢ ᠶᠢ ᠭᠥᠯᠢᠶᠡᠨ ᠠᠪᠬᠤ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠲᠡᠶ᠃ ᠲᠤᠰᠠᠭᠠᠷᠯᠠᠬᠤ ᠴᠡᠭ ᠢ ᠵᠢᠷᠤᠮᠵᠢᠭᠤᠯᠤᠨ ᠨᠠᠷᠢᠯᠢᠬᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠠᠩᠭᠢ ᠳᠤ ᠣᠷᠣᠵᠤ ᠰᠠᠭᠤᠬᠤ ᠬᠦᠴᠦᠨ ᠢ ᠪᠦᠷᠢᠨ ᠭᠦᠢᠴᠡᠳ ᠳᠣᠭᠢᠷᠠᠭᠤᠯᠤᠨ ᠴᠢᠩᠭᠠᠳᠬᠠᠵᠤ᠂ ᠭᠥᠯᠢᠶᠡᠨ ᠠᠪᠴᠤ ᠰᠢᠯᠵᠢᠭᠦᠯᠦᠨ ᠲᠡᠭᠡᠭᠡᠪᠦᠷᠢᠯᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠪᠣᠬᠢᠷᠲᠤᠯ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠵᠢᠷᠤᠮᠵᠢᠭᠤᠯᠤᠨ ᠰᠠᠶᠢᠲᠤᠷ ᠬᠢᠵᠦ᠂ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠰᠣᠯᠪᠢᠴᠠᠨ ᠬᠠᠯᠳᠠᠪᠤᠷᠢᠯᠠᠬᠤ ᠵᠡᠷᠭᠡ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠵᠤ᠂ ᠠᠮᠢᠳᠤᠷᠠᠯ ᠤᠨ ᠦᠢᠯᠡᠴᠢᠯᠡᠭᠡ ᠪᠠ ᠰᠡᠳᠬᠢᠴᠡ ᠶᠢᠨ ᠵᠢᠯᠤᠭᠤᠳᠤᠯᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠰᠤᠷᠤᠭᠴᠢᠳ ᠤᠨ ᠲᠤᠰᠠᠭᠠᠷᠯᠠᠬᠤ ᠬᠤᠭᠤᠴᠠᠭᠠᠨ ᠳᠠᠬᠢ ᠠᠮᠤᠷ ᠲᠦᠪᠰᠢᠨ᠂ ᠰᠠᠨᠠᠭ᠎ᠠ ᠠᠮᠤᠷ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠵᠣᠣ ᠷᠦᠢ᠂ ᠸᠠᠩ ᠰᠢᠶᠤᠤ ᠵᠢᠶᠦ᠋ᠨ᠂ ᠵᠣᠣ ᠬᠤᠶ ᠵᠢᠤᠢ᠂ ᠾᠧ ᠬᠠᠶ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3