ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠎ ᠤᠨ ᠳᠤᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/11/10
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄      ᠠᠵᠢᠯᠲᠠᠨ ᠤ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶᠎ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠳᠦᠭᠡ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠪᠦᠷᠢᠯᠳᠦᠬᠦᠨ      ᠳᠤᠭᠤᠶᠢᠯᠠᠩ ᠤᠨ ᠳᠠᠷᠤᠭ᠎ᠠ᠄ ᠾᠧ ᠶᠢᠩ ᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠯᠢ ᡁᠢ ᠪᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ      ᠪᠦᠷᠢᠯᠳᠦᠬᠦᠨ᠄ ᠾᠧᠦ ᠽᠦᠸᠧ ᠮᠢᠨ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ      ᠵᠠᠩ ᠰᠢᠶᠤᠤ ᠬᠤᠩ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ      ᠵᠢᠩ ᡁᠢ ᠰᠢᠩ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ      ᠬᠤᠸᠠᠩ ᠮᠤᠤ ᠱᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠵᠤᠤ ᠵᠢᠶᠦ᠋ᠨ  ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ      ᠰᠦᠩ ᠪᠦᠸᠧ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠪᠠᠲᠤ  ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠮᠠ ᠰᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ      ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ      ᠶᠤᠸᠠᠨ ᠵᠧᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ      ᠵᠦ ᠬᠠᠶ ᠯᠦᠩ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶᠠᠨ ᠤ ᠳᠠᠷᠤᠭ᠎ᠠ       ᠯᠢᠦ ᠬᠠᠶ ᠢᠦᠶ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠠᠨ ᠵᠢᠶᠠᠨ ᠪᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ      ᠶᠠᠩ ᠢᠦᠢ ᠱᠠᠨ  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ      ᠲᠢᠶᠠᠨ ᠢᠦᠢ ᠬᠤᠢ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ      ᠰᠦᠨ ᠵᠢᠶᠠᠩ  ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ      ᠭᠦᠤᠤ ᠶᠦᠩ ᠱᠧᠩ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ      ᠸᠠᠩ ᠰᠢᠨ ᠭᠤᠸᠠᠩ ᠭᠠᠶᠢᠯᠢ ᠶᠢᠨ ᠲᠣᠪᠴᠢᠶᠠᠨ ᠤ ᠳᠠᠷᠤᠭ᠎ᠠ      ᠭᠦᠸᠧ ᠵᠢᠶᠠᠨ ᠵᠢᠶᠦ᠋ᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ      ᠬᠤᠸᠠᠩ ᡁᠢ  ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ      ᠬᠤᠤ ᠵᠢᠶᠠᠨ ᠭᠤᠸᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠺᠣᠮᠢᠰᠰᠠᠷ      ᠪᠠᠶ ᠬᠤᠩ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ      ᠶᠠᠩ ᠱᠢ ᠵᠢᠶᠧ  ᠴᠡᠷᠢᠭ ᠤᠨ ᠠᠯᠪᠠᠨ ᠠᠴᠠ ᠪᠠᠭᠤᠭᠰᠠᠳ ᠤᠨ ᠲᠣᠪᠴᠢᠶᠠᠨ ᠤ ᠳᠠᠷᠤᠭ᠎ᠠ      ᠵᠢᠶ ᠴᠢᠩ  ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠡᠷᠬᠢᠯᠡᠭᠴᠢ      ᠵᠠᠩ ᠸᠤᠨ ᡁᠢ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠤᠨ ᠡᠷᠬᠢᠯᠡᠭᠴᠢ      ᠵᠤᠤ ᠵᠢᠶᠠᠨ ᠰᠢᠨ  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ      ᠾᠧᠦ ᡁᠢ ᠶᠦᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ      ᠸᠠᠩ ᠸᠤᠨ ᠵᠢᠶᠧ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶᠠᠨ ᠤ ᠳᠠᠷᠤᠭ᠎ᠠ      ᠵᠠᠩ ᠴᠢᠤᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ      ᠯᠢ ᠵᠧᠨ ᠰᠠᠶᠢᠬᠤᠰᠤ ᠪᠠᠯᠭᠠᠰᠤᠨ ᠤ ᠳᠠᠷᠤᠭ᠎ᠠ      ᠵᠠᠩ ᠵᠢᠶᠦ᠋ᠨ ᠡᠦ ᠭᠦ᠋ ᠴᠢᠤᠸᠠᠨ ᠰᠢᠶᠠᠩ ᠤᠨ ᠳᠠᠷᠤᠭ᠎ᠠ      ᠮᠠ ᠶᠦᠩ ᠹᠧᠩ  ᠶᠡᠭᠡ ᠬᠦᠷᠢᠶ᠎ᠡ ᠰᠢᠶᠠᠩ ᠤᠨ ᠳᠠᠷᠤᠭ᠎ᠠ      ᠪᠦᠦ ᠸᠧᠨ ᠰᠢ  ᠪᠦᠯᠬᠦᠮᠳᠡᠯ ᠰᠢᠶᠠᠩ ᠤᠨ ᠳᠠᠷᠤᠭ᠎ᠠ      ᠺᠠᠩ ᠪᠢᠶᠣᠤ  ᠡᠷᠳᠡᠨᠢ ᠪᠠᠯᠭᠠᠰᠤᠨ ᠤ ᠳᠠᠷᠤᠭ᠎ᠠ      ᠰᠦᠨ ᠶᠦᠩ ᠴᠦᠨ ᠴᠧᠩ ᠭᠤᠸᠠᠨ ᠪᠠᠯᠭᠠᠰᠤᠨ ᠤ ᠳᠠᠷᠤᠭ᠎ᠠ      ᠳ᠋ᠧᠦ ᠢᠦᠢ ᠳ᠋ᠡ ᠲᠦᠩ ᠶᠣᠣ ᠰᠢᠶᠠᠩ ᠤᠨ ᠳᠠᠷᠤᠭ᠎ᠠ      ᠭᠤᠤ ᠶᠠ ᠨᠠᠨ ᠵᠠᠩ ᠭᠤᠤ ᠪᠠᠯᠭᠠᠰᠤᠨ ᠤ ᠳᠠᠷᠤᠭ᠎ᠠ      ᠾᠧ ᠯᠦᠩ ᠳ᠋ᠢᠶᠠᠨ ᠽᠢ ᠪᠠᠯᠭᠠᠰᠤᠨ ᠤ ᠳᠠᠷᠤᠭ᠎ᠠ      ᠤᠳᠤᠷᠢᠳᠬᠤ ᠳᠤᠭᠤᠶᠢᠯᠠᠩ ᠳᠤ ᠬᠤᠯᠪᠣᠭᠠᠴᠢᠨ ᠤ ᠲᠦᠷᠢᠮ ᠢ ᠪᠠᠶᠢᠭᠤᠯᠵᠤ᠂ ᠬᠤᠯᠪᠣᠭᠠᠴᠢᠨ ᠢ ᠡᠯ᠎ᠡ ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠡᠭᠦᠷᠭᠡᠯᠡᠵᠦ᠂ ᠡᠳᠦᠷ ᠲᠤᠳᠤᠮ ᠤᠨ ᠠᠵᠢᠯ ᠤᠨ ᠬᠠᠷᠢᠯᠴᠠᠬᠤ ᠪᠠ ᠵᠣᠬᠢᠴᠠᠭᠤᠯᠬᠤ ᠠᠵᠢᠯ ᠢ ᠪᠣᠳᠠᠲᠠᠶ ᠪᠠᠷ ᠬᠠᠷᠢᠭᠤᠴᠠᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠤᠳᠤᠷᠢᠳᠬᠤ ᠳᠤᠭᠤᠶᠢᠯᠠᠩ ᠠᠴᠠ ᠪᠦᠷᠢᠯᠳᠦᠬᠦᠨ ᠨᠢᠭᠡᠴᠡ ᠳᠤ ᠲᠣᠬᠢᠷᠠᠭᠤᠯᠤᠯᠲᠠ ᠬᠢᠵᠦ ᠪᠣᠯᠤᠨ᠎ᠠ᠃      ᠬᠤᠶᠠᠷ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃      ︵ᠬᠤᠶᠠᠷ︶ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠣᠨ ᠤ ᠠᠵᠢᠯ ᠤᠨ ᠭᠤᠤᠯᠳᠠᠯᠭ᠎ᠠ ᠶᠢ ᠰᠤᠳᠤᠯᠤᠨ ᠳᠤᠷᠠᠳᠤᠨ᠎ᠠ᠃      ︵ᠭᠤᠷᠪᠠ︶ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠡᠷᠡᠭᠵᠢᠭᠦᠯᠬᠦ ᠲᠥᠰᠦᠯ ᠢ ᠳᠤᠷᠠᠳᠤᠨ ᠭᠠᠷᠭᠠᠨ᠎ᠠ᠃      ︵ᠳᠥᠷᠪᠡ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠬᠠᠮᠲᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃      ︵ᠲᠠᠪᠤ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃      ᠭᠤᠷᠪᠠ᠂ ᠠᠵᠢᠯ ᠤᠨ ᠪᠠᠶᠢᠭᠤᠯᠤᠮᠵᠢ      ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠲᠤ ᠪᠠᠶᠢᠷᠢᠯᠠᠭᠤᠯᠵᠤ᠂  ᠷᠧᠨ ᠰᠢᠶᠤᠤ ᠰᠦ ᠨᠥᠬᠦᠷ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠠᠵᠢᠯ ᠤᠨ ᠬᠤᠪᠢᠷᠠᠯᠲᠠ ᠠᠴᠠ ᠪᠤᠯᠵᠤ ᠲᠣᠬᠢᠷᠠᠭᠤᠯᠬᠤ ᠴᠢᠬᠤᠯᠠᠲᠠᠶ ᠪᠠᠶᠢᠪᠠᠯ᠂ ᠪᠠᠶᠢᠭ᠎ᠠ ᠨᠢᠭᠡᠴᠢ ᠠᠴᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠤᠨ ᠭᠠᠷᠭᠠᠵᠤ᠂ ᠵᠢᠷᠤᠮ ᠶᠣᠰᠣᠭᠠᠷ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠳᠥᠷᠪᠡ᠂ ᠠᠵᠢᠯ ᠤᠨ ᠲᠦᠷᠢᠮ      ᠤᠳᠤᠷᠢᠳᠬᠤ ᠳᠤᠭᠤᠶᠢᠯᠠᠩ ᠨᠢ ᠠᠵᠢᠯ ᠤᠨ ᠬᠤᠷᠠᠯᠳᠤᠭᠠᠨ ᠤ ᠲᠦᠷᠢᠮ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷᠠᠵᠢᠯ ᠤᠨ ᠬᠤᠷᠠᠯᠳᠤᠭᠠᠨ ᠢ ᠳᠤᠭᠤᠶᠢᠯᠠᠩ ᠤᠨ ᠳᠠᠷᠤᠭ᠎ᠠ ᠬᠤᠷᠠᠯᠳᠤᠭᠤᠯᠬᠤ ᠪᠥᠭᠡᠳ ᠳᠤᠭᠤᠶᠢᠯᠠᠩ ᠤᠨ ᠳᠠᠷᠤᠭ᠎ᠠ ᠨᠢ ᠳᠤᠭᠤᠶᠢᠯᠠᠩ ᠤᠨ ᠳᠡᠳ᠋ ᠳᠠᠷᠤᠭ᠎ᠠ ᠳᠠᠭᠠᠨ ᠨᠠᠶᠢᠳᠠᠵᠤ ᠬᠤᠷᠠᠯᠳᠤᠭᠤᠯᠤᠭᠰᠠᠨ ᠴᠤ ᠪᠣᠯᠤᠨ᠎ᠠ᠃ ᠬᠤᠷᠠᠯ ᠳᠤ ᠣᠷᠣᠯᠴᠠᠭᠰᠠᠳ ᠨᠢ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠪᠤᠶᠤ ᠬᠡᠰᠡᠭ ᠪᠦᠷᠢᠯᠳᠦᠬᠦᠨ ᠪᠣᠯᠤᠨ᠎ᠠ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ ᠨᠢᠭᠡᠴᠢ ᠶᠢᠨ ᠬᠥᠮᠦᠰ ᠢ ᠤᠷᠢᠨ ᠣᠷᠣᠯᠴᠠᠭᠤᠯᠵᠤ ᠪᠣᠯᠤᠨ᠎ᠠ᠃ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠨᠢ ᠲᠣᠪᠴᠢ ᠲᠡᠮᠳᠡᠭᠯᠡᠯ ᠤᠨ ᠬᠡᠯᠪᠡᠷᠢ ᠪᠠᠷ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠲᠠᠯ᠎ᠠ ᠳᠤ ᠳᠠᠷᠤᠮᠠᠯᠯᠠᠨ ᠲᠠᠷᠬᠠᠭᠠᠪᠠ᠃      ᠲᠠᠪᠤ᠂ ᠠᠵᠢᠯ ᠤᠨ ᠱᠠᠭᠠᠷᠳᠠᠯᠭ᠎ᠠ      ᠡᠯ᠎ᠡ ᠪᠦᠷᠢᠯᠳᠦᠬᠦᠨ ᠨᠢᠭᠡᠴᠡ ᠨᠦᠭᠦᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠤᠯᠪᠣᠭᠳᠠᠯ ᠪᠥᠬᠦᠶ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠠᠵᠢᠯ ᠳᠤ ᠢᠳᠡᠪᠬᠢᠲᠡᠶ ᠣᠷᠣᠯᠴᠠᠵᠤ᠂ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ᠬᠤᠭᠤᠷᠣᠨᠳᠣ ᠪᠠᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠯ᠎ᠡ ᠵᠦᠢᠯ ᠤᠨ ᠠᠵᠢᠯ ᠢ ᠬᠠᠮᠲᠤᠪᠠᠷ ᠠᠬᠢᠭᠤᠯᠬᠤ ᠬᠡᠷᠡᠭᠲᠡᠶ᠃      2022 ᠣᠨ ᠤ 10 ᠰᠠᠷ᠎ᠠ ᠶᠢᠨ 11᠎ ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3