ᠠᠯᠪᠠᠨ ᠵᠠᠷ
ᠨᠡᠶᠢᠲᠡᠯᠡᠭᠰᠡᠨ ᠴᠠᠭ᠄
2022/11/10
      ᠬᠥᠬᠡᠬᠤᠲᠠ ᠵᠢᠴᠢ ᠮᠠᠨ ᠤ ᠰᠢᠶᠠᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠬᠤ ᠶᠢ ᠦᠨᠳᠦᠰᠦᠯᠡᠨ᠂ ᠣᠷᠣᠭᠤᠯᠬᠤ ᠲᠦᠭᠰᠢᠭᠦᠷᠢ ᠶᠢᠨ ᠥᠷᠭᠡᠳᠬᠦ ᠶᠢ ᠰᠡᠷᠭᠡᠶᠢᠯᠡᠬᠦ ᠶᠢᠨ ᠲᠤᠰᠠᠳᠠ᠂ ᠮᠠᠰᠢᠨ ᠲᠡᠷᠭᠡ ᠶᠢ ᠳᠤᠷ᠎ᠠ ᠪᠠᠷ ᠢᠶᠠᠨ ᠬᠡᠷᠡᠭᠯᠡᠨ ᠪᠤᠰᠤᠳ ᠢ ᠵᠥᠭᠡᠭᠡᠪᠦᠷᠢᠯᠡᠨ ᠬᠦᠷᠭᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠷᠰᠢᠯᠠᠭᠰᠠᠨ ᠦᠢᠯᠡ ᠠᠵᠢᠯᠯᠠᠭ᠎ᠠ ᠳᠤ ᠴᠢᠭᠯᠡᠭᠦᠯᠦᠨ ᠳᠣᠤᠷᠠᠬᠢ ᠮᠡᠲᠦ ᠵᠠᠷᠯᠠᠶ᠎ᠠ᠄      ᠨᠢᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠲᠡᠷᠭᠡ ᠬᠥᠰᠬᠡ ᠶᠢᠨ ᠲᠡᠭᠡᠭᠡᠪᠦᠷᠢ ᠵᠣᠭᠰᠣᠭᠰᠠᠨ ᠬᠤᠭᠤᠴᠠᠭᠠᠨ ᠳᠤ ᠳᠤᠷ᠎ᠠ ᠪᠠᠷ ᠢᠶᠠᠨ ᠲᠡᠭᠡᠭᠡᠪᠦᠷᠢ ᠡᠵᠡᠩᠨᠡᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ︔ ︽ᠬᠤᠪᠢ ᠬᠥᠮᠦᠨ ᠤ ᠵᠢᠵᠢᠭ ᠰᠠᠭᠤᠳᠠᠯ ᠤᠨ ᠮᠠᠰᠢᠨ ᠬᠠᠮᠲᠤᠷᠠᠨ ᠰᠠᠭᠤᠬᠤ︾ ᠨᠡᠷ᠎ᠡ ᠪᠠᠷ ᠬᠠᠷ᠎ᠠ ᠲᠦᠷᠢᠶᠡᠰᠦᠨ ᠮᠠᠰᠢᠨ᠂ ᠬᠠᠷ᠎ᠠ ᠠᠶᠠᠨᠴᠢᠳ ᠤᠨ ᠲᠡᠭᠡᠭᠡᠪᠦᠷᠢ ᠪᠤᠶᠤ ᠬᠠᠷ᠎ᠠ ᠲᠦᠷᠢᠶᠡᠰᠦᠨ ᠮᠠᠰᠢᠨ ᠵᠡᠷᠭᠡ ᠬᠠᠤᠯᠢ ᠪᠤᠰᠤ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ︔ ᠵᠠᠮ ᠤᠨ ᠲᠦᠷ ᠴᠠᠭ ᠤᠨ ᠪᠢᠲᠡᠭᠦᠮᠵᠢᠯᠡᠭᠰᠡᠨ ᠭᠠᠵᠠᠷ ᠲᠤ ᠢᠨᠲ᠋ᠧᠷ ᠰᠦᠯᠵᠢᠶ᠎ᠡ᠂ ᠳ᠋ᠢᠶᠠᠩᠬᠤᠸᠠ᠂ ᠸᠢᠴᠠᠲ ᠵᠡᠷᠭᠡ ᠠᠷᠭ᠎ᠠ ᠮᠠᠶ᠋ᠢᠭ ᠢ ᠠᠰᠢᠭᠯᠠᠨ ᠳᠠᠮᠵᠢᠭᠤᠯᠤᠨ ᠲᠡᠭᠡᠭᠡᠪᠦᠷᠢᠯᠡᠬᠦ ᠬᠥᠮᠦᠰ ᠲᠠᠢ ᠬᠠᠤᠯᠢ ᠪᠤᠰᠤ ᠪᠠᠷ ᠬᠠᠷᠢᠯᠴᠠᠵᠤ ᠲᠤᠰᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠬᠤᠪᠢ ᠶᠢᠨ ᠮᠠᠰᠢᠨ ᠲᠡᠷᠭᠡ ᠶᠢ ᠬᠥᠬᠡᠬᠤᠲᠠ ᠵᠢᠴᠢ ᠡᠷᠬᠢᠨ ᠲᠣᠭᠤᠷᠢᠨ ᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠢᠨᠲ᠋ᠧᠷ ᠰᠦᠯᠵᠢᠶ᠎ᠡ᠂ ᠳ᠋ᠢᠶᠠᠩᠬᠤᠸᠠ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠲᠣᠭᠤᠷᠢᠤ ᠵᠠᠮ ᠢᠶᠠᠷ ᠠᠶᠠᠨᠴᠢᠳ ᠲᠠᠢ ᠬᠠᠷᠢᠯᠴᠠᠬᠤ ᠶᠢ ᠴᠢᠩᠭ᠎ᠠ ᠴᠠᠭᠠᠵᠠᠯᠠᠨ᠎ᠠ︔ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠡᠵᠡᠩᠨᠡᠯᠲᠡ ᠶᠢᠨ ᠴᠢᠨᠠᠷᠲᠠᠶ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠮᠠᠨ ᠤ ᠰᠢᠶᠠᠨ ᠳᠤ ᠣᠷᠣᠵᠤ ᠢᠷᠡᠬᠦ ᠶᠢ ᠴᠢᠩᠭ᠎ᠠ ᠬᠢᠵᠢᠭ᠋ ᠲᠤ ᠬᠤᠯᠪᠣᠭᠳᠠᠭᠰᠠᠨ ᠭᠠᠵᠠᠷ ᠣᠷᠣᠨ ᠤ ᠬᠥᠮᠦᠰ ᠢ ᠮᠠᠨ ᠤ ᠰᠢᠶᠠᠨ ᠤ ᠡᠯ᠎ᠡ ᠭᠠᠷᠠᠮ ᠳᠤ ᠣᠷᠣᠭᠤᠯᠵᠤ ᠵᠠᠶᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠡᠮᠴᠢᠯᠡᠭᠡᠨ ᠤ ᠪᠠᠶᠢᠭᠤᠯᠤᠮᠵᠢ ᠶᠢᠨ ᠪᠤᠰᠤ ᠬᠠᠷ᠎ᠠ 120 ᠲᠡᠷᠭᠡ ᠬᠥᠰᠬᠡ ᠶᠢ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠬᠥᠮᠦᠰ ᠢ ᠮᠠᠨ ᠤ ᠰᠢᠶᠠᠨ ᠳᠤ ᠬᠦᠷᠭᠡᠬᠦ ᠶᠢ ᠴᠢᠩᠭ᠎ᠠ ᠴᠠᠭᠠᠵᠠᠯᠠᠨ᠎ᠠ᠃      ᠬᠤᠶᠠᠷ᠂ ᠳᠡᠭᠡᠷᠡᠬᠢ ᠦᠢᠯᠡ ᠠᠵᠢᠯᠯᠠᠭ᠎ᠠ ᠶᠢ ᠣᠯᠵᠤ ᠮᠡᠳᠡᠮᠡᠭᠴᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠦᠨᠳᠦ ᠪᠠᠷ ᠴᠢᠩᠭ᠎ᠠ ᠰᠢᠳᠬᠡᠵᠦ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠡᠭᠡᠷᠡᠬᠢ ᠦᠢᠯᠡ ᠠᠵᠢᠯᠯᠠᠭ᠎ᠠ ᠶᠢ ᠬᠢᠭᠰᠡᠨ ᠵᠢᠯᠣᠭᠤᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠶᠣᠰᠣᠭᠠᠷ ᠲᠤᠬᠠᠶ ᠶᠢᠨ ᠭᠠᠵᠠᠷ ᠲᠤᠨᠢ ᠲᠥᠪᠯᠡᠷᠡᠭᠦᠯᠦᠨ ᠲᠤᠰᠠᠭᠠᠷᠯᠠᠵᠤ᠂ ᠲᠤᠰᠠᠭᠠᠷᠯᠠᠬᠤ ᠬᠤᠭᠤᠴᠠᠭᠠᠨ ᠳᠠᠬᠢ ᠵᠠᠷᠤᠳᠠᠯ ᠢᠶᠠᠨ ᠥᠪᠡᠷ ᠢᠶᠠᠨ ᠰᠢᠢᠳᠪᠦᠷᠢᠯᠡᠨ᠎ᠡ᠃      ᠭᠤᠷᠪᠠ᠂ ᠥᠷᠭᠡᠨ ᠤᠯᠠᠨ ᠲᠦᠮᠡᠨ ᠤ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠨ᠎ᠠ᠃      ᠢᠯᠡᠴᠢᠯᠡᠨ ᠮᠡᠳᠡᠭᠦᠯᠬᠦ ᠤᠲᠠᠰᠤ᠄ 0474-110᠂ 0474-7212044᠂ 15144862555      ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ       ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ       ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ                                                   2022 ᠣᠨ ᠤ 11 ᠰᠠᠷ᠎ᠠ ᠶᠢᠨ 9᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3