ᠯᠢ ᠺᠠᠶ ᠳ᠋ᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠭᠤᠤᠯᠳᠠᠯᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/11/14
     11 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠭᠤᠤᠯᠳᠠᠯᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠶᠢᠨ ᠲᠠᠯᠠᠪᠤᠷ ᠲᠤ ᠬᠦᠷᠴᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠶ ᠦᠢᠯᠡᠳᠪᠦᠷᠢᠯᠡᠯ ᠪᠠ  ᠵᠦᠢᠯᠡᠰ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃
      ᠴᠠᠷ ᠨᠠᠭᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠱᠠᠨ ᠡᡁᠧ ᠣᠨᠴᠠᠭᠠᠢ ᠪᠤᠯᠤᠳ ᠲᠡᠮᠦᠷ ᠤᠨ ᠺᠣᠮᠫᠠᠨᠢ ᠳᠤ᠂ ᠯᠢ ᠺᠠᠢ ᠳ᠋ᠦᠩ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠣᠶᠢᠯᠠᠭᠠᠪᠠ᠃ ᠯᠢ ᠺᠠᠶ ᠳ᠋ᠦᠩ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠳᠤᠬᠢᠷᠠᠭᠤᠯᠤᠯᠳᠠ ᠪᠣᠯᠤᠨ ᠦᠢᠯᠡᠴᠢᠯᠡᠭᠡ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃ ᠠᠵᠤ ᠠᠬᠤᠶᠢᠯᠠᠯ ᠤᠳ ᠬᠥᠭᠵᠢᠯᠲᠡ ᠶᠢ ᠬᠥᠭᠡᠭᠡᠵᠦ ᠭᠦᠢᠴᠡᠬᠦ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠠᠳᠬᠤᠵᠤ᠂ ᠨᠦᠭᠦᠭᠡ ᠲᠠᠯ᠎ᠠ ᠪᠠᠷ ᠦᠢᠯᠡᠳᠪᠦᠷᠢᠯᠡᠯ ᠡᠵᠡᠩᠨᠡᠯᠲᠡ ᠶᠢ ᠠᠳᠬᠤᠬᠤ ᠬᠡᠷᠡᠭᠲᠡᠢ᠃ ᠡᠭᠦᠨ ᠤ ᠬᠠᠮᠲᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃
     ᠹᠦ᠋ ᠷᠦᠢ ᠰᠤᠷᠭᠠᠭᠤᠯᠢ᠂ ᠰᠣᠶᠣᠯ ᠪᠡᠶ᠎ᠡ ᠶᠢᠨ ᠲᠠᠮᠢᠷ ᠤᠨ ᠲᠥᠪ᠂ ᠬᠤᠳᠠ ᠶᠢᠨ ᠲᠣᠭᠤᠷᠢᠭ ᠤᠨ ᠬᠡᠰᠡᠭ ᠵᠡᠭᠡᠯᠢ ᠭᠤᠳᠤᠮᠵᠢ ᠳᠤ᠂ ᠯᠢ ᠺᠠᠢ ᠳ᠋ᠦᠩ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠠᠳᠠᠯᠤᠨ ᠰᠤᠳᠤᠯᠬᠤ ᠶᠢᠨ ᠬᠠᠮᠲᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠬᠡᠷᠬᠢᠨ ᠶᠠᠰᠤ ᠴᠢᠨᠠᠷ ᠢ ᠪᠠᠲᠤᠯᠠᠨ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ᠃ ᠢᠯᠠᠩᠭᠤᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠬᠠᠮᠵᠢᠯᠴᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠭᠠᠷᠳᠠᠮ ᠢ  ᠭᠦᠢᠴᠡᠳᠭᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠵᠤ᠂ ᠣᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠢᠷᠡᠬᠦ ᠵᠢᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠪᠠᠶᠢᠷᠢᠯᠠᠭᠤᠯᠵᠤ᠂ ᠰᠠᠶᠢᠨ ᠡᠬᠢᠯᠡᠯᠲᠡ ᠲᠠᠢ ᠪᠣᠯᠭᠠᠬᠤ ᠶᠢ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ      
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3