ᠴᠧᠩ ᠭᠤᠸᠠᠨ ᠪᠠᠯᠭᠠᠰᠤᠨ ᠤ ᠰᠦᠯᠢᠶᠣᠣ ᠪᠦᠷᠬᠦᠪᠴᠢ ᠶᠢ ᠴᠡᠪᠡᠷᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/11/14
     ᠴᠧᠩ ᠭᠤᠸᠠᠨ ᠪᠠᠯᠭᠠᠰᠤᠨ ᠤ ᠬᠥᠳᠡᠭᠡ ᠶᠢᠨ ᠵᠥᠷᠢᠭ ᠵᠠᠮ ᠢᠶᠠᠷ ᠶᠠᠪᠤᠬᠤ ᠳᠤ ᠬᠥᠷᠪᠡᠭᠦᠯᠬᠦ ᠠᠨᠵᠢᠰᠤ ᠲᠠᠢ ᠲᠷᠠᠺᠲ᠋ᠣᠷ ᠲᠠᠷᠢᠶᠠᠨ ᠳᠠᠯᠠᠩ ᠤᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠵᠦ ᠪᠠᠶᠢᠬᠤ ᠶᠢ ᠣᠯᠵᠤ ᠬᠠᠷᠠᠳᠠᠭ᠃ ᠲᠠᠷᠢᠶᠠᠨ ᠭᠠᠵᠠᠷ ᠲᠤ ᠭᠠᠵᠠᠷ ᠤᠨ ᠪᠦᠷᠬᠦᠭᠦᠯ ᠤᠨ ᠪᠠᠷ᠎ᠠ ᠬᠠᠷᠠᠭᠳᠠᠬᠤ ᠦᠭᠡᠶ ᠪᠣᠯᠵᠤ᠂ ᠬᠤᠳᠠᠯᠳᠤᠨ ᠠᠪᠬᠤ ᠭᠠᠵᠠᠷ ᠲᠤ ᠬᠠᠶᠠᠭᠳᠠᠮᠠᠯ ᠬᠠᠭᠤᠴᠢᠨ ᠪᠦᠷᠬᠦᠭᠦᠯ ᠢ ᠬᠤᠳᠠᠯᠳᠤᠵᠤ ᠪᠠᠶᠢᠭ᠎ᠠ ᠭᠠᠴᠠᠭᠠᠨ ᠤ ᠠᠷᠠᠳ ᠲᠠᠰᠤᠷᠠᠯᠲᠠ ᠦᠭᠡᠶ ᠣᠯᠠᠰᠢᠷᠠᠪᠠ᠃ ᠭᠠᠵᠠᠷ ᠤᠨ ᠭᠠᠳᠠᠷᠭᠤ ᠳᠤ ᠭᠠᠵᠠᠷ ᠤᠨ ᠪᠦᠷᠬᠦᠭᠦᠯ ᠢ ᠬᠤᠳᠠᠯᠳᠤᠨ ᠠᠪᠬᠤ ᠭᠠᠵᠠᠷ ᠲᠤ ᠬᠤᠳᠠᠯᠳᠤᠵᠤ ᠪᠠᠶᠢᠭ᠎ᠠ ᠭᠠᠴᠠᠭᠠᠨ ᠤ ᠠᠷᠠᠳ ᠤᠳ ᠲᠠᠰᠤᠷᠠᠯᠲᠠ ᠦᠭᠡᠶ ᠣᠯᠠᠰᠢᠷᠠᠪᠠ᠃ ᠡᠳᠡᠭᠡᠷ ᠨᠢ ᠴᠥᠮ ᠴᠧᠩ ᠭᠤᠸᠠᠨ ᠪᠠᠯᠭᠠᠰᠤᠨ ᠤ ︽ᠬᠤᠶᠠᠷ ᠠᠭᠤᠯᠠ ᠶᠢᠨ ᠤᠨᠤᠯ︾ ᠢ ᠤᠷᠳᠤ ᠬᠤᠭᠤᠴᠠᠭ᠎ᠠ ᠪᠠᠷ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠪᠦᠷᠬᠦᠪᠴᠢ ᠶᠢ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠤᠭᠰᠠᠨ ᠤ ᠦᠷ᠎ᠡ ᠪᠦᠲᠦᠮᠵᠢ ᠪᠣᠯᠤᠨ᠎ᠠ᠃      ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠴᠡᠪᠡᠷᠯᠡᠨ ᠬᠤᠷᠢᠶᠠᠨ ᠠᠪᠬᠤ ᠪᠣᠭᠤᠮᠲᠠ ᠰᠢᠪᠲᠤᠯᠬᠤ ᠰᠠᠷ᠎ᠠ ᠳᠤ ᠤᠷᠤᠭᠰᠠᠨ ᠠᠴᠠ ᠨᠠᠰᠢ᠂ ᠴᠧᠩ ᠭᠤᠸᠠᠨ ᠪᠠᠯᠭᠠᠰᠤ ᠶᠢᠨ ᠬᠢᠨ 19 ᠵᠠᠰᠠᠭ ᠵᠠᠬᠢᠷᠭᠠᠨ ᠤ ᠲᠣᠰᠬᠤᠨ ᠢ ᠳᠠᠶᠢᠴᠢᠯᠠᠵᠦ᠂ ︽ᠨᠠᠮ ᠤᠨ ᠡᠭᠦᠷ ᠲᠦᠷᠦᠭᠦᠯᠡᠵᠦ᠂ ᠺᠠᠳ᠋ᠷ ᠤᠯᠠᠨ ᠲᠦᠮᠡᠨ ᠣᠷᠣᠯᠴᠠᠵᠤ᠂ ᠦᠷᠳᠡᠭᠡ ᠴᠢᠭ᠋ ᠢ ᠬᠠᠳᠠᠭᠠᠯᠠᠵᠤ ᠵᠥᠭᠡᠭᠡᠪᠦᠷᠢᠯᠡᠬᠦ᠂ ᠲᠥᠪᠯᠡᠷᠡᠭᠦᠯᠦᠨ ᠬᠤᠷᠢᠶᠠᠨ ᠠᠪᠬᠤ︾ ᠳᠥᠷᠪᠡᠳᠦᠭᠡᠷ ᠳᠡᠰ ᠤᠨ ᠰᠦᠯᠢᠶᠣᠣ ᠪᠦᠷᠬᠦᠪᠴᠢ ᠶᠢ ᠴᠡᠪᠡᠷᠯᠡᠨ ᠠᠷᠢᠯᠭᠠᠬᠤ ᠠᠵᠢᠯ ᠤᠨ ᠰᠢᠰᠲᠧᠮ ᠢ ᠪᠦᠷᠢᠯᠳᠦᠭᠦᠯᠵᠡᠢ᠃ ᠲᠠᠷᠢᠶᠠᠨ ᠭᠠᠵᠠᠷ ᠲᠤ ᠦᠯᠡᠳᠡᠭᠳᠡᠵᠦ ᠪᠠᠶᠢᠭ᠎ᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠲᠡᠷᠭᠡ ᠠᠴᠠ ᠲᠥᠪᠯᠡᠷᠡᠭᠦᠯᠦᠨ ᠴᠡᠪᠡᠷᠯᠡᠵᠦ ᠂ ᠴᠡᠪᠡᠷᠯᠡᠬᠦ ᠠᠬᠢᠴᠠ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠡᠷᠭᠡ ᠶᠢ ᠪᠦᠷᠢᠮᠦᠰᠦᠨ ᠴᠡᠪᠡᠷᠯᠡᠬᠦ ᠶᠢᠨ ᠠᠷᠭ᠎ᠠ ᠦᠭᠡᠢ ᠦᠯᠡᠳᠡᠭᠳᠡᠯ ᠪᠦᠷᠬᠦᠪᠴᠢ ᠳᠤ ᠴᠢᠭᠯᠡᠭᠦᠯᠦᠨ᠂ ᠥᠷᠭᠡᠨ ᠳᠡᠯᠭᠡᠷᠡᠩᠭᠦᠢ ᠳᠠᠶᠢᠴᠢᠯᠠᠵᠤ᠂ ᠨᠠᠮ ᠤᠨ ᠭᠡᠰᠢᠭᠦᠨ ᠺᠠᠳ᠋ᠷ᠂ ᠲᠠᠷᠢᠮᠠᠯ ᠤᠨ ᠲᠤᠮᠤ ᠡᠷᠦᠭᠡ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠪᠣᠯᠤᠨ ︽ᠬᠥᠮᠦᠨ ᠤᠯᠠᠨ ᠬᠦᠴᠦᠨ ᠶᠡᠭᠡ︾ ᠭᠡᠬᠦ ᠬᠠᠮᠲᠤᠯᠢᠭ ᠤᠨ ᠦᠢᠯᠡᠳᠦᠯ ᠢ ᠭᠦᠢᠴᠡᠳ ᠠᠰᠢᠭᠯᠠᠵᠤ᠂ ᠬᠥᠮᠦᠨ ᠤ ᠬᠦᠴᠦᠨ ᠤ ᠦᠯᠡᠳᠡᠭᠳᠡᠯ ᠰᠦᠯᠢᠶᠣᠣ ᠪᠦᠷᠬᠦᠪᠴᠢ ᠶᠢ ᠲᠡᠭᠦᠬᠦ ᠠᠵᠢᠯᠯᠠᠭ᠎ᠠ ᠶᠢ ᠥᠷᠨᠢᠭᠦᠯᠦᠨ᠎ᠡ᠃ ᠴᠧᠩ ᠭᠤᠸᠠᠨ ᠪᠠᠯᠭᠠᠰᠤ ︽ᠬᠡᠨ ᠬᠡᠷᠡᠭᠯᠡᠪᠡᠯ ᠬᠡᠨ ᠴᠡᠪᠡᠷᠯᠡᠬᠦ᠂ ᠬᠡᠨ ᠪᠣᠬᠢᠷᠲᠤᠭᠤᠯᠪᠠᠯ ᠬᠡᠨ ᠵᠠᠰᠠᠬᠤ︾ ᠵᠠᠷᠴᠢᠮ ᠢ ᠢᠮᠠᠭᠲᠠ ᠪᠠᠷᠢᠮᠲᠠᠯᠠᠵᠤ᠂ ᠮᠧᠬᠠᠨᠢᠭ ᠢ ᠥᠷᠭᠡᠨ ᠢᠶᠠᠷ ᠬᠡᠷᠡᠭᠯᠡᠬᠦ ᠪᠠ ᠬᠥᠮᠦᠨ ᠤ ᠬᠦᠴᠦ ᠪᠠᠷ ᠨᠠᠷᠢᠯᠢᠭ ᠬᠢᠬᠦ ᠶᠢ ᠬᠠᠷᠢᠯᠴᠠᠨ ᠤᠶᠠᠯᠳᠤᠭᠤᠯᠬᠤ᠂ ᠤᠬᠠᠭᠤᠯᠭ᠎ᠠ ᠬᠥᠮᠦᠵᠢᠯ ᠪᠠ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ᠂ ᠲᠡᠷᠢᠭᠦᠨ ᠤ ᠬᠢ ᠪᠠᠷ ᠬᠥᠲᠥᠯᠦᠨ ᠳᠠᠭᠠᠭᠤᠯᠬᠤ ᠪᠠ ᠬᠠᠮᠲᠤᠯᠢᠭ ᠢ ᠳᠠᠭᠠᠵᠤ ᠤᠷᠤᠭᠰᠢᠯᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ ᠶᠡᠷᠦᠩᠬᠡᠶᠢᠯᠡᠨ ᠬᠦᠴᠦᠯᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠰᠦᠯᠢᠶᠣᠣ ᠪᠦᠷᠬᠦᠪᠴᠢ ᠶᠢ ᠪᠦᠲᠦᠮᠵᠢᠲᠡᠶ ᠴᠡᠪᠡᠷᠯᠡᠬᠦ ᠳᠤ ᠣᠯᠠᠨ ᠳᠠᠪᠬᠤᠷ ᠪᠠᠲᠤᠯᠠᠭ᠎ᠠ ᠬᠠᠩᠭᠠᠭᠰᠠᠨ ᠪᠠᠶᠢᠨ᠎ᠠ᠃       ︽ᠲᠡᠭᠦᠵᠦ ᠠᠪᠴᠢᠷᠠᠭᠰᠠᠨ ᠦᠯᠡᠳᠡᠭᠳᠡᠯ ᠬᠠᠯᠢᠰᠤ ᠶᠢ ᠴᠥᠮ ᠭᠠᠴᠠᠭᠠᠨ ᠤ ᠠᠷᠠᠳ ᠤᠨ ᠵᠥᠪᠯᠡᠯ ᠠᠴᠠ ᠲᠥᠪᠯᠡᠷᠡᠭᠦᠯᠦᠨ ᠬᠠᠳᠠᠭᠠᠯᠠᠵᠤ ᠬᠤᠷᠢᠶᠠᠨ ᠠᠪᠤᠭᠰᠠᠨ ᠪᠣᠯᠬᠤᠷ ᠭᠠᠵᠠᠷ ᠰᠢᠷᠣᠶ ᠶᠢᠨ ᠪᠣᠬᠢᠷᠲᠤᠯ ᠢ ᠪᠠᠭᠠᠰᠬᠠᠭᠰᠠᠨ ᠢᠶᠠᠷ ᠪᠠᠷᠠᠬᠤ ᠦᠭᠡᠶ ᠪᠠᠰᠠ ᠢᠷᠡᠬᠦ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠰᠢᠨ᠎ᠡ ᠬᠠᠯᠢᠰᠤ ᠶᠢ ᠰᠣᠯᠢᠵᠤ ᠪᠣᠯᠬᠤ ᠪᠣᠯᠵᠠᠶ᠃ ᠣᠳᠣ ᠲᠠᠷᠢᠶ᠎ᠠ ᠴᠤ ᠴᠡᠪᠡᠷ ᠪᠣᠯᠵᠠᠶ᠂ ᠭᠠᠴᠠᠭ᠎ᠠ ᠴᠤ ᠴᠡᠪᠡᠷ ᠪᠣᠯᠵᠠᠶ᠂ ᠭᠠᠵᠠᠷ ᠤᠨ ᠬᠠᠯᠢᠰᠤ ᠶᠢ ᠴᠡᠪᠡᠷᠯᠡᠬᠦ ᠨᠢ ᠦᠨᠡᠨ ᠪᠣᠳᠠᠲᠠᠶ ᠠᠴᠢ ᠲᠤᠰᠠ ᠲᠠᠢ ᠭᠡᠳᠡᠭ ᠢ ᠣᠯᠠᠨ ᠢᠶᠠᠷ ᠢᠶᠠᠨ ᠴᠥᠮ ᠲᠠᠨᠢᠵᠤ ᠣᠯᠤᠭᠰᠠᠨ ᠪᠠᠶᠢᠨ᠎ᠠ︾᠃ ᠨᠠᠶᠠᠨ ᠭᠤᠷᠪᠠᠳᠤᠭᠠᠷ ᠲᠣᠰᠬᠤᠨ ᠤ ᠠᠷᠠᠳ᠂ ᠲᠠᠷᠢᠮᠠᠯ ᠤᠨ ᠲᠤᠮᠤ ᠡᠷᠦᠭᠡ ᠵᠠᠩ ᠳ᠋ᠠ ᠬᠤ᠋ ᠬᠡᠯᠡᠪᠡ᠃    ᠣᠲᠣ ᠪᠣᠯᠲᠠᠯ᠎ᠠ᠂ ᠴᠧᠩ ᠭᠤᠸᠠᠨ ᠪᠠᠯᠭᠠᠰᠤ ᠭᠤᠤᠯ ᠵᠠᠮ᠂ ᠤᠯᠤᠰ ᠤᠨ ᠵᠠᠮ ᠳᠠᠭᠠᠤ ᠶᠢᠨ 6600 ᠮᠥ ᠭᠠᠵᠠᠷ ᠤᠨ ᠪᠦᠷᠬᠦᠭᠦᠯ ᠢ ᠴᠡᠪᠡᠷᠯᠡᠵᠦ᠂ ᠶᠡᠭᠡ ᠪᠠᠭ᠎ᠠ ᠮᠠᠰᠢᠨ ᠮᠧᠬᠠᠨᠢᠭ ᠢ 50 ᠭᠠᠷᠤᠶ ᠬᠡᠷᠡᠭᠯᠡᠵᠦ᠂ ᠬᠥᠮᠦᠨ ᠤ ᠬᠦᠴᠦᠨ ᠢ 600 ᠭᠠᠷᠤᠶ ᠬᠡᠷᠡᠭᠯᠡᠭᠰᠡᠨ ᠪᠠᠶᠢᠨ᠎ᠠ᠃ ᠪᠥᠬᠦ ᠪᠠᠯᠭᠠᠰᠤᠨ ᠤ 3.45 ᠲᠦᠮᠡᠨ ᠮᠥ ᠶᠢᠨ ᠪᠦᠷᠬᠦᠮᠡᠯ ᠲᠠᠷᠢᠶ᠎ᠠ ᠶᠢ ᠨᠢᠭᠡᠨᠲᠡ 3.13 ᠲᠦᠮᠡᠨ ᠮᠥ ᠶᠢ ᠴᠡᠪᠡᠷᠯᠡᠨ ᠳᠠᠭᠤᠰᠬᠠᠪᠠ᠃ ᠤᠤᠯ ᠤᠨ ᠪᠠᠶᠢᠭᠰᠠᠨ ᠳᠥᠭᠦᠮᠬᠡᠨ ᠢᠶᠠᠷ ᠲᠠᠷᠢᠶᠠᠨ ᠭᠠᠵᠠᠷ ᠠᠴᠠ ᠰᠠᠯᠵᠤ ᠬᠠᠶᠠᠵᠤ ᠪᠠᠶᠢᠭᠰᠠᠨ ᠢ ᠲᠠᠷᠢᠶᠠᠴᠢᠨ ᠡᠷᠦᠬᠡ ᠰᠠᠨᠠᠭᠠᠴᠢᠯᠠᠭ᠎ᠠ ᠠᠴᠠ ᠪᠠᠨ ᠬᠤᠷᠢᠶᠠᠨ ᠠᠪᠬᠤ ᠪᠣᠯᠭᠠᠨ ᠬᠤᠪᠢᠷᠠᠭᠤᠯᠵᠤ᠂ ᠤᠤᠯ ᠤᠨ ᠬᠠᠶᠠᠭᠳᠠᠮᠠᠯ ᠪᠣᠳᠠᠰ ᠢ ᠰᠢᠲᠠᠭᠠᠵᠤ ᠪᠠᠶᠢᠭᠰᠠᠨ ᠢ ᠬᠤᠷᠢᠶᠠᠨ ᠠᠪᠴᠤ ᠣᠷᠴᠢᠯᠳᠤᠭᠤᠯᠤᠨ ᠠᠰᠢᠭᠯᠠᠬᠤ ᠪᠣᠯᠭᠠᠨ ᠬᠤᠪᠢᠷᠠᠭᠤᠯᠵᠤ᠂ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠲᠠᠬᠢᠨ ᠠᠰᠢᠭᠯᠠᠬᠤ︾ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠰᠠᠶᠢᠨ ᠣᠷᠴᠢᠯ ᠤᠨ ᠰᠢᠰᠲ᠋ᠧᠮ ᠢ ᠪᠤᠢ ᠪᠣᠯᠭᠠᠵᠤ᠂ ᠰᠦᠯᠢᠶᠣᠣ ᠪᠦᠷᠬᠦᠪᠴᠢ ᠶᠢ ᠴᠡᠪᠡᠷᠯᠡᠬᠦ ᠳᠤ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠪᠠ᠃                                                                  ᠵᠣᠬᠢᠶᠠᠭᠴᠢ᠄ ᠴᠧᠩ ᠭᠤᠸᠠᠨ ᠪᠠᠯᠭᠠᠰᠤ                                 ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3