11 ᠰᠠᠷ᠎ᠠ ᠶᠢᠨ 12 ᠤᠨ ᠡᠳᠦᠷ᠂ ᠰᠢᠩ ᠾᠧ ᠰᠢᠶᠠᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ 2022 ᠣᠨ ᠤ 12 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ | ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ | ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ | ᠭᠤᠶᠢᠪᠢᠰᠢ ᠦᠭᠡᠢ ᠪᠠᠶᠢᠬᠤ︾ ᠱᠠᠭᠠᠷᠳᠠᠯᠭ᠎ᠠ ᠶᠣᠰᠣᠭᠠᠷ᠂ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ | ᠰᠢᠯᠢᠳᠡᠭᠵᠢᠭᠦᠯᠬᠦ ᠲᠤᠬᠠᠢ ᠲᠥᠪ ᠬᠤᠷᠢᠶᠠᠨ ᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠬᠠᠷᠭᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ | ᠳᠤᠬᠢᠷᠠᠭᠤᠯᠵᠤ ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ | ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠬᠦ ᠬᠡᠷᠡᠭᠲᠡᠢ᠃ ᠵᠠᠮ ᠬᠠᠷᠢᠯᠴᠠᠭᠠᠨ ᠤ ᠪᠣᠭᠤᠮᠲᠠ ᠶᠢ | ᠴᠢᠩᠭ᠎ᠠ ᠠᠳᠬᠤᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠬᠤᠳᠠᠯᠳᠤᠭᠠᠨ ᠤ ᠬᠡᠳᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠪᠠ | ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠤᠯ ᠲᠦᠭᠰᠢᠭᠦᠷᠢᠲᠦ | ᠣᠷᠣᠨ ᠪᠦᠰᠡ ᠪᠠ ᠬᠥᠮᠦᠰ ᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠵᠤ᠂ ᠲᠤᠰᠠᠭᠠᠷᠯᠠᠨ ᠵᠥᠭᠡᠭᠡᠪᠦᠷᠢᠯᠡᠬᠦ | ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠠᠷᠢᠭᠤᠳᠬᠠᠨ ᠤᠰᠠᠳᠬᠠᠬᠤ᠂ ᠠᠮᠢᠳᠤᠷᠠᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠵᠢᠷᠤᠮᠵᠢᠭᠤᠯᠤᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠠ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |