ᠡᠨᠡ ᠵᠢᠯ ᠠᠴᠠ ᠨᠠᠰᠢ᠂ ᠰᠢᠩ ᠡᡁᠧ ᠰᠢᠶᠠᠨ ︽ᠲᠠᠪᠤ ᠶᠢ ᠨᠢᠭᠡᠳᠬᠡᠬᠦ︾ ᠲᠣᠰᠬᠤᠨ ᠤ ᠶᠠᠪᠤᠳᠠᠯ ᠢ ᠢᠯᠡ | ᠪᠣᠯᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠲᠣᠰᠬᠤᠨ ᠤ ᠳᠡᠰ ᠤᠨ ᠬᠡᠷᠡᠭ ᠶᠠᠪᠤᠳᠠᠯ ᠤᠨ ᠢᠯᠡ ᠲᠣᠳᠣ ᠶᠢᠨ | ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠺᠠᠳ᠋ᠷ ᠪᠣᠯᠤᠨ ᠤᠯᠠᠨ ᠲᠦᠮᠡᠨ ᠤ | ᠠᠷᠠᠳᠴᠢᠯᠠᠭᠰᠠᠨ ᠤᠯᠤᠰ ᠲᠦᠷᠦ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠵᠤ᠂ ᠥᠷᠭᠡᠨ ᠤᠯᠠᠨ ᠺᠠᠳ᠋ᠷ ᠤᠯᠠᠨ | ᠲᠦᠮᠡᠨ ᠲᠣᠰᠬᠤᠨ ᠤ ᠳᠡᠰ ᠤᠨ ᠬᠡᠷᠡᠭ ᠶᠠᠪᠤᠳᠠᠯ ᠳᠤ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠣᠰᠬᠤᠨ ᠤ ᠶᠠᠪᠤᠳᠠᠯ ᠢ ᠥᠪᠡᠷᠲᠡᠭᠡᠨ | ᠰᠢᠢᠳᠪᠦᠷᠢᠯᠡᠬᠦ ︽ᠡᠵᠡᠨ ᠬᠥᠮᠦᠨ︾ ᠤ ᠤᠬᠠᠮᠰᠠᠷ ᠢ ᠳᠡᠭᠡᠭᠰᠢᠯᠡᠭᠦᠯᠵᠡᠢ᠃ | ᠲᠠᠨᠢᠯᠲᠠ ᠪᠠᠨ ᠨᠢᠭᠡᠳᠬᠡᠨ᠎ᠡ᠃ ᠭᠠᠴᠠᠭᠠᠨ ᠤ ᠶᠠᠪᠤᠳᠠᠯ ᠢ ᠢᠯᠡ ᠪᠣᠯᠭᠠᠬᠤ ᠶᠢ ᠤᠬᠠᠭᠤᠯᠤᠨ ᠳᠠᠶᠢᠴᠢᠯᠠᠬᠤ | ᠠᠵᠢᠯ ᠢ ᠰᠠᠶᠢᠲᠤᠷ ᠬᠢᠵᠦ᠂ ᠭᠠᠴᠠᠭᠠᠨ ᠤ ᠶᠠᠪᠤᠳᠠᠯ ᠢ ᠢᠯᠡ ᠪᠣᠯᠭᠠᠬᠤ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠬᠤ ᠶᠢᠨ ᠲᠥᠯᠥᠭᠡ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠠᠴᠠᠭᠠᠨ ᠤ ᠶᠠᠪᠤᠳᠠᠯ ᠢ ᠢᠯᠡ | ᠪᠣᠯᠭᠠᠬᠤ ᠠᠵᠢᠯ ᠤᠨ ᠤᠴᠢᠷ ᠶᠠᠪᠤᠳᠠᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠵᠣᠬᠢᠶᠠᠨ ᠪᠠᠶᠢᠭᠤᠯᠤᠨ | ᠪᠠᠶᠢᠷᠢᠯᠠᠭᠤᠯᠵᠤ᠂ ᠣᠯᠠᠨ ᠲᠦᠮᠡᠨ ᠤ ᠵᠠᠰᠠᠭ ᠤᠨ ᠶᠠᠪᠤᠳᠠᠯ ᠳᠤ ᠣᠷᠣᠯᠴᠠᠬᠤ᠂ ᠵᠠᠰᠠᠭ ᠤᠨ ᠶᠠᠪᠤᠳᠠᠯ ᠢ ᠵᠥᠪᠯᠡᠬᠦ | ᠬᠠᠯᠠᠭᠤᠨ ᠰᠡᠳᠬᠢᠯᠭᠡ ᠶᠢ ᠡᠳᠦᠷ ᠲᠤᠲᠤᠮ ᠤᠨ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ | ᠬᠢᠨᠠᠯᠲᠠ ᠲᠠᠯᠪᠢᠵᠤ ᠬᠠᠮᠢᠶᠠᠷᠬᠤ ᠳᠡᠭᠡᠷ᠎ᠡ ᠢᠳᠡᠪᠬᠢᠲᠡᠶ ᠬᠥᠲᠥᠯᠥᠨ ᠵᠢᠯᠣᠭᠤᠳᠪᠠ᠃ | ᠴᠠᠭ ᠬᠤᠭᠤᠴᠠᠭ᠎ᠠ ᠶᠢ ᠨᠢᠭᠡᠳᠬᠡᠨ᠎ᠡ᠃ ᠪᠥᠬᠦ ᠰᠢᠶᠠᠨ ᠤ ᠡᠯ᠎ᠡ ᠵᠠᠰᠠᠭ ᠵᠠᠬᠢᠷᠭᠠᠨ ᠤ ᠭᠠᠴᠠᠭᠠᠨ ᠤ | ᠭᠠᠴᠠᠭᠠᠨ ᠤ ᠭᠠᠴᠠᠭᠠᠨ ᠤ ᠱᠠᠲᠤᠨ ᠤ ᠬᠡᠷᠡᠭ ᠶᠠᠪᠤᠳᠠᠯ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠨᠢᠭᠡ ᠨᠢᠭᠡ ᠤᠴᠢᠷ ᠶᠠᠪᠤᠳᠠᠯ ᠢ ᠨᠢᠭᠡ ᠵᠥᠪᠯᠡᠬᠦ ᠪᠣᠳᠠᠲᠠᠶ ᠴᠠᠭ | ᠬᠤᠭᠤᠴᠠᠭ᠎ᠠ ᠶᠢ ᠴᠢᠩᠭ᠎ᠠ ᠲᠣᠭᠲᠠᠭᠠᠵᠤ᠂ ᠡᠩ ᠤᠨ ᠠᠵᠢᠯᠯᠠᠬᠤ ᠴᠠᠭ ᠤᠨ ᠪᠣᠳᠠᠲᠠᠶ᠂ ᠭᠠᠭᠴᠠ ᠵᠦᠶ᠋ᠯ ᠤᠨ ᠠᠵᠢᠯ ᠢ | ᠨᠢᠭᠡ ᠯᠡ ᠤᠳᠠᠭ᠎ᠠ ᠳᠤ ᠢᠯᠡ ᠪᠣᠯᠭᠠᠬᠤ᠂ ᠲᠦᠷ ᠴᠠᠭ ᠤᠨ ᠴᠢᠨᠠᠷᠲᠠᠶ ᠠᠵᠢᠯ ᠢ ᠴᠠᠭ ᠲᠤᠬᠠᠶ ᠳᠤᠨᠢ ᠢᠯᠡ | ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠠᠭᠤᠯᠭ᠎ᠠ ᠶᠢ ᠨᠢᠭᠡᠳᠬᠡᠨ᠎ᠡ᠃ ᠪᠦᠬᠦ ᠰᠢᠶᠠᠨ ᠤ ᠭᠠᠴᠠᠭᠠᠨ ᠤ ᠶᠠᠪᠤᠳᠠᠯ ᠢ ᠢᠯᠡ ᠪᠣᠯᠭᠠᠬᠤ ᠠᠭᠤᠯᠭ᠎ᠠ ᠶᠢᠨ | ᠭᠠᠷᠴᠠᠭ ᠢ ᠵᠣᠬᠢᠶᠠᠵᠤ᠂ ᠭᠠᠴᠠᠭᠠᠨ ᠤ ᠶᠠᠪᠤᠳᠠᠯ ᠢ ᠢᠯᠡ ᠪᠣᠯᠭᠠᠬᠤ ᠡᠯ᠎ᠡ ᠵᠦᠢᠯ ᠤᠨ ᠠᠭᠤᠯᠭ᠎ᠠ ᠶᠢ ᠲᠣᠳᠣᠷᠬᠠᠶᠢᠯᠠᠵᠤ | ᠂ ᠡᠯ᠎ᠡ ᠭᠠᠴᠠᠭᠠᠨ ᠤ ᠰᠠᠭᠤᠭᠠᠯᠢ ᠠᠷᠠᠳ ᠤᠨ ᠭᠤᠣᠯᠳᠠᠯᠭ᠎ᠠ ᠲᠠᠢ ᠪᠠᠷ ᠲᠠᠷᠢᠶᠠᠯᠠᠩ ᠢ ᠳᠡᠮᠵᠢᠵᠦ ᠲᠠᠷᠢᠶᠠᠴᠢᠳ ᠲᠤ | ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ᠂ ᠨᠠᠮ ᠤᠨ ᠶᠠᠪᠤᠳᠠᠯ ᠭᠠᠴᠠᠭᠠᠨ ᠤ ᠶᠠᠪᠤᠳᠠᠯ᠂ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ᠂ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠪᠠᠶᠢᠳᠠᠯ ᠢ ᠴᠠᠭ ᠲᠤᠬᠠᠶ ᠳᠤᠨᠢ | ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠨᠢᠭᠡᠳᠦᠯᠲᠡᠶ ᠬᠡᠯᠪᠡᠷᠢ᠃ ᠰᠢᠶᠠᠨ ᠤ ᠱᠠᠲᠤᠨ ᠤ ᠪᠠᠯᠠ ᠣᠷᠣᠭᠤᠯᠤᠯᠲᠠ 100 ᠭᠠᠷᠤᠶ ᠲᠦᠮᠡᠨ | ᠲᠥᠭᠦᠷᠢᠭ ᠲᠤ ᠬᠦᠷᠴᠦ᠂ 90 ᠲᠣᠰᠬᠤᠨ ᠤ ᠰᠠᠭᠤᠭᠠᠯᠢ ᠠᠷᠠᠳ ᠤᠨ ᠨᠠᠮ ᠤᠨ ᠶᠠᠪᠤᠳᠠᠯ ᠲᠣᠰᠬᠤᠨ ᠤ ᠶᠠᠪᠤᠳᠠᠯ ᠢ | ᠢᠯᠡ ᠪᠣᠯᠭᠠᠬᠤ ᠪᠤᠯᠤᠩ ᠢ ᠨᠢᠭᠡᠳᠦᠯᠲᠡᠶ ᠥᠭᠡᠷᠡᠴᠢᠯᠡᠵᠦ᠂ ᠪᠥᠬᠦ ᠰᠢᠶᠠᠨ ᠤ ᠲᠣᠰᠬᠤᠨ ᠤ ᠶᠠᠪᠤᠳᠠᠯ ᠢ ᠢᠯᠡ | ᠪᠣᠯᠭᠠᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠪᠦᠷᠢᠶ᠎ᠡ︾ ᠶᠢᠨ | ᠦᠶ᠋ᠯᠡᠳᠦᠯ ᠢ ᠵᠦᠶ ᠵᠣᠬᠢᠰᠲᠠᠶ ᠪᠠᠳᠠᠷᠠᠭᠤᠯᠵᠤ᠂ ᠲᠠᠷᠢᠶᠠᠨ ᠠᠵᠢᠯ ᠤᠨ ᠶᠠᠭᠠᠷᠠᠯᠲᠠᠶ ᠴᠠᠭ ᠪᠠ ᠡᠳᠦᠷ ᠪᠦᠷᠢ ᠶᠢᠨ | ᠬᠤᠭᠤᠯᠠᠨ ᠤ ᠡᠮᠦᠨ᠎ᠡ ᠬᠤᠶᠢᠨᠠᠬᠢ ᠴᠠᠭ ᠲᠣᠬᠢᠶᠠᠯ ᠢ ᠠᠰᠢᠭᠯᠠᠨ᠂ ᠲᠣᠰᠬᠤᠨ ᠤ ᠶᠠᠪᠤᠳᠠᠯ ᠪᠠ ᠰᠠᠭᠤᠭᠠᠯᠢ | ᠠᠷᠠᠳ ᠤᠨ ᠶᠠᠪᠤᠳᠠᠯ ᠢ ᠴᠠᠭ ᠲᠤᠬᠠᠶ ᠳᠤᠨᠢ ᠢᠯᠡ ᠪᠣᠯᠭᠠᠵᠤ᠂ ︽ᠬᠤᠷᠤᠭᠤᠨ ᠦᠵᠦᠭᠦᠷ ᠲᠠᠬᠢ ᠲᠣᠰᠬᠤᠨ ᠤ | ᠶᠠᠪᠤᠳᠠᠯ ᠢ ᠢᠯᠡ ᠪᠣᠯᠭᠠᠬᠤ︾ ᠵᠠᠭᠪᠤᠷ ᠢ ᠢᠳᠡᠪᠬᠢᠲᠡᠶ ᠥᠷᠭᠡᠳᠬᠡᠨ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ | ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ᠬᠡᠷᠡᠭ ᠶᠠᠪᠤᠳᠠᠯ ᠢ ᠢᠯᠡ ᠪᠣᠯᠭᠠᠬᠤ ᠶᠢᠨ ︽ᠡᠴᠦᠰ ᠤᠨ ᠨᠢᠭᠡ | ᠺᠢᠯᠣᠮᠧᠲᠷ︾ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ | ᠨᠢᠭᠡᠳᠦᠯᠲᠡᠶ ᠬᠢᠨᠠᠨ ᠵᠢᠯᠣᠭᠤᠳᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠬᠤ ᠪᠠ | ᠳᠠᠯᠳᠠᠭᠤᠷ ᠰᠤᠷᠪᠤᠯᠵᠢᠯᠠᠨ ᠪᠠᠶᠢᠴᠠᠭᠠᠬᠤ ᠶᠢᠨ ᠬᠢᠨᠠᠨ ᠵᠢᠯᠣᠭᠤᠳᠬᠤ ᠠᠵᠢᠯ ᠤᠨ ᠳᠦᠷᠢᠮ ᠢ ᠪᠠᠶᠢᠭᠤᠯᠵᠤ᠂ ᠵᠢᠯ | ᠪᠦᠷᠢ ᠶᠢᠨ ︽ᠠᠷᠠᠳᠴᠢᠯᠠᠯ ᠤᠨ ᠡᠳᠦᠷ︾ ᠤᠨ ᠠᠵᠢᠯᠯᠠᠭ᠎ᠠ ᠶᠢᠨ ᠬᠤᠭᠤᠴᠠᠭᠠᠨ ᠳᠤ᠂ ᠭᠠᠴᠠᠭᠠᠨ ᠤ ᠶᠠᠪᠤᠳᠠᠯ ᠢ | ᠢᠯᠡ ᠪᠣᠯᠭᠠᠬᠤ ᠶᠢᠨ ᠬᠢᠨᠠᠨ ᠵᠢᠯᠣᠭᠤᠳᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ | ᠥᠷᠨᠢᠭᠦᠯᠵᠦ᠂ ᠪᠦᠬᠦ ᠰᠢᠶᠠᠨ ᠤ ᠭᠠᠴᠠᠭᠠᠨ ᠤ ᠶᠠᠪᠤᠳᠠᠯ ᠢ ᠢᠯᠡ ᠪᠣᠯᠭᠠᠭᠰᠠᠨ ᠪᠠᠶᠢᠳᠠᠯ ᠢ ᠬᠢᠨᠠᠨ ᠵᠢᠯᠣᠭᠤᠳᠴᠤ | ᠪᠠᠶᠢᠴᠠᠭᠠᠨ᠂ ᠲᠤᠰᠬᠠᠶ ᠬᠥᠮᠦᠨ ᠢ ᠰᠢᠯᠵᠢᠭᠦᠯᠦᠨ ᠡᠯ᠎ᠡ ᠭᠠᠴᠠᠭᠠᠨ ᠤ ᠭᠠᠴᠠᠭᠠᠨ ᠤ ᠶᠠᠪᠤᠳᠠᠯ ᠢ ᠢᠯᠡ ᠪᠣᠯᠭᠠᠭᠰᠠᠨ | ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠯᠳᠠᠭᠤᠷ ᠰᠤᠷᠪᠤᠯᠵᠢᠯᠠᠵᠤ᠂ ᠭᠠᠴᠠᠭᠠᠨ ᠤ ᠶᠠᠪᠤᠳᠠᠯ ᠢ ᠢᠯᠡ | ᠪᠣᠯᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠵᠠᠯᠠᠷᠠᠭᠤᠯᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |