ᠸᠠᠩ ᠬᠤᠢ ᠢᠦᠢ ᠰᠢᠩ ᠡᡁᠧ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 12 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/17
     11 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ ᠰᠢᠩ ᠾᠧ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 12 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃
     ᠸᠠᠩ  ᠬᠤᠢ ᠢᠦᠶ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠭᠤᠶᠢᠪᠢᠰᠢ ᠥᠬᠡᠶ ᠪᠠᠶᠢᠬᠤ︾ ᠱᠠᠭᠠᠷᠳᠠᠯᠭ᠎ᠠ ᠶᠣᠰᠣᠭᠠᠷ᠂ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠪ ᠬᠤᠷᠢᠶᠠᠨ ᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠪᠠᠷᠢᠮᠵᠢᠶ᠎ᠠ ᠳᠤ ᠬᠢᠨᠠᠮᠠᠭᠠᠶ ᠲᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠳᠣᠭᠢᠷᠠᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠬᠡᠷᠡᠭᠲᠡᠶ᠃ ᠵᠠᠮ ᠬᠠᠷᠢᠯᠴᠠᠭᠠᠨ ᠤ ᠪᠣᠭᠤᠮᠲᠠ ᠶᠢ ᠴᠢᠩᠭ᠎ᠠ ᠠᠳᠬᠤᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠤᠳᠠᠯᠳᠤᠭᠠᠨ ᠤ ᠬᠡᠳᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠪᠠ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠤᠯ ᠲᠦᠭᠰᠢᠭᠦᠷᠢᠲᠦ ᠣᠷᠣᠨ ᠪᠦᠰᠡ ᠪᠠ ᠬᠥᠮᠦᠰ ᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠵᠤ᠂ ᠲᠤᠰᠠᠭᠠᠷᠯᠠᠨ ᠵᠥᠭᠡᠭᠡᠪᠦᠷᠢᠯᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠠᠷᠢᠭᠤᠳᠬᠠᠨ ᠤᠰᠠᠳᠬᠠᠬᠤ᠂ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠵᠢᠷᠤᠮᠵᠢᠭᠤᠯᠤᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠳᠦ ᠪᠠ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠵᠢᠴᠢ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3