ᠰᠢᠩ ᠾᠧ ᠰᠢᠶᠠᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ    — — ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠰᠡᠳᠬᠢᠯ ᠢ ᠨᠢᠭᠲᠠᠷᠠᠭᠤᠯᠤᠨ ᠬᠦᠴᠦᠨ ᠢ ᠨᠢᠭᠲᠠᠷᠠᠭᠤᠯᠵᠤ ᠰᠢᠨ᠎ᠡ ᠬᠠᠭᠤᠳᠠᠰᠤ ᠶᠢ ᠪᠢᠴᠢᠭ᠊
ᠨᠡᠶᠢᠲᠡᠯᠡᠭᠰᠡᠨ ᠴᠠᠭ᠄
2022/11/17
     ᠰᠢᠩ ᠾᠧ ᠰᠢᠶᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠣᠯᠳᠠᠯᠭ᠎ᠠ ᠶᠢ ᠣᠨᠣᠪᠴᠢᠲᠠᠶ ᠡᠵᠡᠮᠳᠡᠵᠦ᠂ ᠬᠡᠯᠪᠡᠷᠢ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠰᠢᠷᠢᠰ ᠠᠵᠢᠯᠯᠠᠭ᠎ᠠ ᠶᠢ ᠤᠬᠠᠭᠠᠯᠠᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ ᠶᠢᠨ ᠬᠦᠷᠢᠶ᠎ᠡ᠂ ᠰᠦᠯᠵᠢᠶ᠎ᠡ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃      ᠥᠨᠳᠥᠷ ᠵᠣᠭᠰᠣᠴᠠ ᠲᠠᠢ ᠪᠠᠶᠢᠵᠤ᠂ ᠡᠷᠲᠡ ᠠᠴᠠ ᠠᠷᠭ᠎ᠠ ᠰᠦᠪᠡᠭᠴᠢᠯᠡᠵᠦ᠂ ᠤᠳᠤᠷᠢᠳᠬᠤ ᠺᠠᠳ᠋ᠷ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠨᠢᠭᠡ ᠳᠠᠪᠬᠤᠷᠭ᠎ᠠ ᠭᠦᠨᠵᠡᠭᠡᠢ ᠰᠤᠷᠤᠯᠴᠠᠬᠤ ᠶᠢ ᠪᠠᠷᠢᠮᠲᠠᠯᠠᠬᠤ ᠬᠡᠷᠡᠭᠲᠡᠢ ᠃ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠲᠡᠭᠦᠰᠦᠭᠰᠡᠨ ᠤ ᠲᠠᠷᠠᠭ᠎ᠠ᠂ ᠰᠢᠩ ᠾᠧ ᠰᠢᠶᠠᠨ ᠲᠡᠷᠡ ᠳᠠᠷᠤᠶ ᠳᠤᠨᠢ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯ ᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠪᠦᠬᠦ ᠰᠢᠶᠠᠨ ᠤ ᠡᠯ᠎ᠡ ᠱᠠᠲᠤᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠴᠠᠭ ᠲᠤᠬᠠᠶ ᠳᠤᠨᠢ ᠰᠤᠷᠤᠯᠴᠠᠵᠤ ᠰᠤᠳᠤᠯᠤᠨ ᠶᠠᠷᠢᠯᠴᠠᠬᠤ ᠶᠢ ᠥᠷᠨᠢᠭᠦᠯᠪᠡ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠢᠴᠢᠶᠡᠯ᠂ ᠭᠤᠣᠯ ᠰᠡᠳᠦᠪᠲᠦ ᠨᠠᠮ ᠤᠨ ᠡᠳᠦᠷ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠬᠡᠯᠪᠡᠷᠢ ᠪᠠᠷ ᠲᠥᠪᠯᠡᠷᠡᠩᠭᠦᠢ ᠰᠤᠷᠤᠯᠴᠠᠯᠭ᠎ᠠ ᠶᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠲᠡᠷᠡ ᠳᠠᠷᠤᠢ ᠳᠤᠨᠢ ᠰᠤᠷᠤᠯᠴᠠᠬᠤ᠂ ᠲᠡᠷᠡ ᠬᠡᠪ ᠢᠶᠠᠷ ᠨᠢ ᠰᠤᠷᠤᠯᠴᠠᠬᠤ᠂ ᠦᠭᠡ ᠦᠰᠦᠭ ᠳᠠᠷᠠᠭᠠᠯᠠᠨ ᠰᠤᠷᠤᠯᠴᠠᠬᠤ ᠶᠢ ᠬᠦᠳᠦᠯᠦᠨ ᠳᠠᠭᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠶᠢᠨ ᠭᠤᠣᠯᠳᠠᠯᠭ᠎ᠠ ᠳᠤ ᠣᠷᠣᠭᠤᠯᠵᠤ᠂ ᠪᠠᠶᠢᠭᠤᠯᠭ᠎ᠠ᠂ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ᠂ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠳᠤ ᠲᠡᠶᠢᠰᠢ ᠥᠷᠭᠡᠳᠬᠡᠬᠦ ᠶᠢ ᠲᠦᠯᠬᠢᠨ ᠠᠬᠢᠭᠤᠯᠤᠨ᠎ᠠ᠃      ᠪᠦᠬᠦ ᠲᠠᠯ᠎ᠠ ᠪᠠᠷ᠂ ᠥᠷᠭᠡᠨ ᠢᠶᠠᠷ ᠪᠦᠷᠬᠦᠬᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ ᠪᠦᠬᠦ ᠲᠠᠯ᠎ᠠ ᠶᠢᠨ᠂ ᠥᠷᠭᠡᠨ ᠪᠦᠷᠬᠦᠴᠡ ᠲᠠᠢ᠂ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠲᠠᠶᠢᠯᠤᠮᠵᠢ ᠶᠢ ᠥᠷᠨᠢᠭᠦᠯᠵᠦ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠶᠢᠯᠠᠯ᠂ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠲᠤ ᠬᠦᠷᠭᠡᠬᠦ ᠶᠢ ᠠᠬᠢᠭᠤᠯᠤᠨ᠎ᠠ᠃ ︽ᠰᠢᠩ ᠡᡁᠧ ᠬᠠᠮ ᠵᠠᠭᠤᠴᠢᠯᠠᠭᠤᠷ︾᠂ ︽ᠰᠢᠩ ᠡᡁᠧ ᠨᠡᠶᠢᠲᠡᠯᠡᠬᠦ︾  ᠵᠢᠷᠬᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠢ ᠠᠰᠢᠭᠯᠠᠨ ᠲᠤᠰᠬᠠᠢ ᠰᠡᠳᠦᠪᠲᠦ ᠲᠤᠰᠬᠠᠢ ᠪᠤᠯᠤᠩ ᠭᠠᠷᠭᠠᠵᠤ᠂ ᠡᠷᠬᠡ ᠰᠦᠷᠲᠦ ᠮᠡᠳᠡᠭᠡ ᠪᠣᠯᠤᠨ ᠲᠠᠶᠢᠯᠤᠮᠵᠢ ᠬᠢᠭᠰᠡᠨ ᠵᠣᠬᠢᠶᠠᠯ ᠢ ᠴᠠᠭ ᠲᠤᠬᠠᠢ ᠳᠤᠨᠢ ᠰᠢᠯᠵᠢᠭᠦᠯᠦᠨ ᠨᠡᠶᠢᠲᠡᠯᠡᠵᠦ᠂ ᠨᠡᠶᠢᠲᠡᠯᠡᠵᠦ᠂ ᠪᠦᠬᠦ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠮᠥᠷᠳᠡᠨ ᠮᠡᠳᠡᠭᠡᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃ ︽ᠨᠢᠭᠡ ᠳᠡᠪᠲᠡᠷ ᠰᠤᠷᠤᠯᠴᠠᠯᠭ᠎ᠠ ᠶᠢᠨ ᠲᠡᠮᠳᠡᠭᠯᠡᠯ ᠢ ᠰᠠᠶᠢᠲᠤᠷ ᠴᠡᠭᠡᠵᠢᠯᠡᠵᠦ᠂ ᠨᠢᠭᠡ ᠬᠤᠪᠢ ᠣᠯᠤᠯᠲᠠ ᠲᠥᠷᠥᠭᠳᠡᠯ ᠢᠶᠠᠨ ᠪᠢᠴᠢᠵᠦ᠂ ᠨᠢᠭᠡ ᠤᠳᠠᠭᠠᠨ ᠤ ᠰᠤᠷᠤᠯᠴᠠᠵᠤ ᠰᠤᠳᠤᠯᠤᠨ ᠶᠠᠷᠢᠯᠴᠠᠬᠤ ᠳᠤ ᠣᠷᠣᠯᠴᠠᠵᠤ᠂ ᠨᠢᠭᠡ ᠤᠳᠠᠭᠠᠨ ᠤ ᠭᠤᠤᠯ ᠰᠡᠳᠦᠪᠲᠦ ᠬᠠᠷᠢᠭᠤ ᠮᠡᠳᠡᠭᠦᠯᠦᠯᠲᠡ ᠶᠢ ᠵᠣᠬᠢᠶᠠᠨ ᠪᠠᠶᠢᠭᠤᠯᠬᠤ︾ ᠪᠠᠷ ᠭᠤᠤᠯ ᠠᠭᠤᠯᠭ᠎ᠠ ᠪᠣᠯᠭᠠᠭᠰᠠᠨ ︽ᠳᠥᠷᠪᠡᠨ ᠨᠢᠭᠡ︾ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠰᠤᠷᠤᠯᠴᠠᠬᠤ ᠶᠢᠨ ᠳᠤᠮᠳᠠ ᠠᠵᠢᠯᠯᠠᠵᠤ᠂ ᠺᠠᠳ᠋ᠷ ᠤᠨ ᠳᠤᠮᠳᠠ ᠰᠤᠷᠤᠯᠴᠠᠵᠤ᠂ ᠰᠤᠷᠤᠯᠴᠠᠬᠤ ᠶᠢᠨ ᠳᠤᠮᠳᠠ ᠰᠡᠳᠬᠢᠬᠦ ᠦᠢᠯᠡᠳᠦᠯᠭᠡᠵᠢᠭᠦᠯᠬᠦ ᠳᠤᠮᠳᠠ ᠬᠥᠭᠵᠢᠯᠲᠡ ᠶᠢᠨ ᠬᠦᠴᠦᠨ ᠢ ᠨᠢᠭᠲᠠᠷᠠᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ  ᠬᠡᠮᠵᠢᠶ᠎ᠡ ᠶᠢ ᠬᠠᠷᠭᠤᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠬᠠᠷᠠᠯᠲᠠ᠂ ᠰᠡᠳᠬᠢᠴᠡ᠂ ᠠᠷᠭ᠎ᠠ ᠬᠡᠮᠵᠢᠶ᠎ᠡ ᠵᠡᠷᠭᠡ ᠶᠢ ᠲᠠᠬᠢᠨ ᠬᠢᠨᠠᠵᠤ ᠲᠠᠬᠢᠨ ᠰᠦᠪᠡᠭᠴᠢᠯᠡᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢ ᠡᠷᠬᠢᠮᠯᠡᠬᠦ᠂ ᠬᠥᠭᠵᠢᠯᠲᠡ ᠶᠢ ᠡᠷᠢᠯᠬᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠤᠷᠢᠭ᠎ᠠ ᠱᠤᠭᠤᠮ ᠢ ᠰᠠᠬᠢᠬᠤ ︽ᠲᠦᠷᠪᠡᠨ ᠠᠵᠢᠯ ᠤᠨ ᠭᠤᠣᠯᠳᠠᠯᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠷᠢᠶᠠᠯᠠᠩ ᠢᠶᠠᠷ ᠰᠢᠶᠠᠨ ᠢ ᠪᠠᠶᠢᠭᠤᠯᠬᠤ᠂ ᠠᠵᠤ ᠦᠢᠯᠡᠰ ᠢᠶᠠᠷ ᠰᠢᠶᠠᠨ ᠢ ᠪᠠᠶᠠᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠶᠠᠨ ᠢ ᠮᠠᠨᠳᠤᠭᠤᠯᠬᠤ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢ ᠦᠨᠡᠨᠬᠦ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠷ ᠰᠤᠷᠤᠯᠴᠠᠨ ᠲᠤᠤᠱᠯᠠᠭᠤᠯᠬᠤ ᠪᠣᠳᠠᠲᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠴᠠᠭ ᠦᠶ᠎ᠡ ᠳᠤ ᠨᠡᠩ ᠶᠡᠭᠡ ᠰᠢᠨ᠎ᠡ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3