ᠮᠠᠨ ᠤ ᠰᠢᠶᠠᠨ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠤᠰᠬᠠᠶ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/17
     11 ᠰᠠᠷ᠎ᠠ ᠶᠢᠨ 16 ᠤ ᠡᠳᠦᠷ᠂ ᠰᠢᠩ ᠾᠧ ᠰᠢᠶᠠᠨ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠤᠰᠬᠠᠶ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠡᠷᠭᠢᠯᠡᠵᠦ᠂ ᠡᠯ᠎ᠡ ᠰᠢᠶᠠᠩ ᠪᠠᠯᠭᠠᠰᠤᠨ ᠤ ᠭᠤᠤᠯ ᠤᠳᠤᠷᠢᠳᠤᠯᠭ᠎ᠠ᠂ ᠵᠠᠰᠠᠭ ᠤᠨ ᠣᠷᠳᠣᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠪᠠ ᠬᠥᠳᠡᠭᠡ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂  ᠡᠷᠳᠡᠨᠢ ᠪᠠᠯᠭᠠᠰᠤ᠂  ᠳ᠋ᠠ ᠲᠤᠩ ᠶᠣᠣ ᠰᠢᠶᠠᠩ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠪᠤᠷᠢ ᠶᠢᠨ  ᠲᠤᠪᠴᠢᠶ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠨᠢᠭᠡᠴᠡ ᠡᠩ ᠲᠡᠷᠢᠭᠦᠨ ᠳᠤ ᠲᠤᠰ ᠲᠤᠰ ᠤᠨ ᠬᠦᠷᠢᠶᠡᠨ ᠤ ᠪᠠᠨ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠲᠣᠪᠴᠢ ᠮᠡᠳᠡᠭᠦᠯᠦᠯᠲᠡ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠡᠨᠡ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠦᠬᠦᠯᠢ ᠴᠣᠭᠴᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠠᠢ᠃ ᠡᠨᠡ ᠵᠢᠯ ᠠᠴᠠ ᠨᠠᠰᠢ᠂ ᠰᠢᠩ ᠾᠧ ᠰᠢᠶᠠᠨ ᠤ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠨᠴᠢᠩ ᠬᠢᠭᠡᠳ ᠰᠢᠩ ᠾᠧ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠱᠠᠲᠤᠨ ᠳᠠᠬᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠦᠢᠯᠡᠰ ᠤᠨ ᠬᠠᠮᠵᠢᠯᠴᠠᠭ᠎ᠠ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠤ ᠰᠣᠯᠢᠯᠴᠠᠭ᠎ᠠ᠂ ᠨᠡᠶᠢᠭᠡᠮ ᠤᠨ ᠬᠠᠪᠰᠤᠷᠤᠨ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠵᠡᠷᠭᠡ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃      ᠬᠤᠷᠠᠯ ᠠᠴᠠ ᠡᠨᠡ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠢᠨᠠᠨ ᠰᠢᠯᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠨᠢᠭᠡᠴᠡ ᠣᠶᠢᠷ᠎ᠠ ᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠭᠡᠷᠡᠴᠢ ᠮᠠᠲ᠋ᠧᠷᠢᠶᠠᠯ ᠵᠢᠴᠢ ᠬᠠᠮᠢᠶ᠎ᠠ ᠪᠥᠬᠦᠶ ᠰᠢᠯᠭᠠᠨ ᠠᠪᠤᠭᠰᠠᠨ ᠦᠷ᠎ᠡ ᠳ᠋ᠦᠩ ᠢ ᠴᠤᠭᠯᠠᠭᠤᠯᠤᠨ ᠡᠮᠬᠢᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠰᠢᠶᠠᠩ ᠪᠠᠯᠭᠠᠰᠤ ᠶᠠᠨᠴᠢᠩ ᠲᠣᠭᠤᠷᠢᠭ ᠤᠨ ᠬᠠᠨᠳᠢᠪᠯᠠᠨ ᠬᠦᠷᠭᠡᠭᠰᠡᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ᠂ ᠡᠨᠡ ᠵᠢᠯ ᠤᠨ ᠦᠯᠡᠳᠡᠭᠰᠡᠨ ᠵᠦᠢᠯᠡᠰ ᠤᠨ ᠪᠡᠯᠡ ᠮᠥᠩᠭᠦ ᠶᠢᠨ ᠠᠭᠤᠯᠭ᠎ᠠ ᠶᠢ ᠲᠦᠷᠭᠡᠬᠡᠨ ᠲᠣᠭᠲᠠᠭᠠᠵᠤ᠂ ᠱᠠᠯᠠᠪᠳᠠᠨ ᠬᠡᠷᠡᠭᠵᠢᠭᠦᠯᠬᠦ ᠶᠢᠨ ᠬᠠᠮᠲᠤ ᠢᠷᠡᠬᠦ ᠵᠢᠯ ᠤᠨ ᠵᠠᠷᠤᠯᠭ᠎ᠠ ᠶᠢᠨ ᠲᠥᠯᠥᠪᠯᠡᠭᠡ ᠪᠠᠨ ᠰᠠᠶᠢᠲᠤᠷ ᠪᠡᠯᠡᠳᠬᠡᠬᠦ ᠬᠡᠷᠡᠭᠲᠡᠶ᠃ ᠲᠤᠰᠬᠠᠶ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠤᠨ ᠲᠠᠯ᠎ᠠ ᠪᠠᠷ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠨᠢᠭᠡᠴᠡ ᠨᠦᠭᠦᠳ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠭᠦᠷᠭᠡ ᠪᠠᠨ ᠪᠡᠶᠡᠯᠡᠭᠦᠯᠵᠦ᠂ ᠬᠢᠵᠢᠭ ᠤᠨ ᠨᠥᠯᠥᠭᠡ ᠶᠢ ᠴᠢᠷᠮᠠᠶᠢᠨ ᠲᠡᠪᠴᠢᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠬᠡᠯᠪᠡᠷᠢ ᠪᠠᠷ ᠳᠠᠮᠵᠢᠭᠤᠯᠤᠨ ᠴᠢᠳᠠᠪᠤᠷᠢᠲᠠᠨ ᠢ ᠬᠠᠷᠢᠯᠴᠠᠨ ᠲᠣᠮᠢᠯᠠᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠪᠠᠶᠢᠭᠤᠯᠤᠯᠭ᠎ᠠ ᠶᠢᠨ ᠬᠢᠨ ᠶᠠᠨᠴᠢᠩ ᠲᠣᠭᠤᠷᠢᠭ ᠲᠠᠢ ᠢᠳᠡᠪᠬᠢᠲᠡᠢ ᠬᠠᠮᠵᠢᠯᠴᠠᠨ ᠪᠡᠭᠡᠵᠢᠩ ᠬᠤᠳᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠢᠨᠠᠨ ᠰᠢᠯᠭᠠᠬᠤ ᠡᠭᠦᠷᠭᠡ ᠪᠠᠨ ᠬᠠᠮᠲᠤᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠨᠢ ᠰᠢᠩ ᠡᡁᠧ ᠰᠢᠶᠠᠨ ᠤ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠨᠢᠭᠡ ᠳᠤ᠂ ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠭᠤᠷᠬᠢ ᠠᠷᠭ᠎ᠠ ᠬᠡᠯᠪᠡᠷᠢ ᠪᠠᠷ ᠲᠠᠮᠵᠢᠨ ᠬᠤᠣᠰᠯᠠᠵᠤ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠲᠥᠯᠥᠪᠯᠡᠭᠡ ᠲᠠᠢ ᠬᠠᠷᠠᠯᠲᠠ ᠲᠠᠢ ᠪᠠᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠬᠡᠷᠡᠭᠲᠡᠢ᠃ ᠬᠤᠶᠠᠷ ᠲᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ ᠤᠨ ᠰᠡᠬᠦᠯ ᠬᠤᠷᠢᠶᠠᠬᠤ ᠠᠵᠢᠯ ᠢ ᠱᠠᠯᠠᠪᠳᠠᠨ ᠬᠢᠵᠦ᠂ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠬᠢᠨᠠᠨ ᠰᠢᠯᠭᠠᠯᠲᠠ ᠶᠢ ᠰᠠᠶᠢᠲᠤᠷ ᠪᠡᠯᠡᠳᠬᠡᠨ᠎ᠡ᠃ ᠭᠤᠷᠪᠠ ᠳᠤ᠂ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ ᠪᠠᠯᠠ ᠮᠥᠩᠭᠦ ᠶᠢ ᠬᠡᠷᠡᠭᠯᠡᠨ᠎ᠡ᠃ ᠲᠦᠷᠪᠡ ᠳᠤ ᠴᠢᠳᠠᠪᠤᠷᠢᠲᠠᠨ ᠤ ᠰᠣᠯᠢᠯᠴᠠᠭ᠎ᠠ ᠪᠠ ᠲᠧᠭᠨᠢᠭ ᠮᠡᠷᠭᠡᠵᠢᠯ ᠤᠨ ᠪᠣᠯᠪᠠᠰᠤᠷᠠᠭᠤᠯᠤᠯ ᠢ ᠴᠢᠬᠤᠯᠠᠴᠢᠯᠠᠵᠤ᠂ ᠬᠥᠮᠦᠵᠢᠭᠦᠯᠦᠨ ᠪᠣᠯᠪᠠᠰᠤᠷᠠᠭᠤᠯᠵᠤ ᠰᠤᠷᠤᠯᠴᠠᠭᠤᠯᠬᠤ ᠦᠷ᠎ᠡ ᠳ᠋ᠦᠩ ᠳᠤ ᠬᠦᠷᠭᠡᠬᠦ ᠬᠡᠷᠡᠭᠲᠡᠶ᠃      ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ ᠶᠠᠨᠴᠢᠩ ᠲᠣᠭᠤᠷᠢᠭ ᠲᠠᠢ ᠠᠵᠤ ᠦᠢᠯᠡᠰ ᠢᠶᠠᠨ ᠵᠣᠯᠭᠠᠭᠤᠯᠬᠤ ᠳᠠᠭᠠᠨ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠢᠯᠡᠭᠦᠬᠡᠨ ᠰᠤᠷᠤᠯᠴᠠᠨ ᠰᠣᠯᠢᠯᠴᠠᠵᠤ ᠂ ᠶᠠᠨᠴᠢᠩ ᠲᠣᠭᠤᠷᠢᠭ ᠤᠨ ᠰᠠᠶᠢᠨ ᠲᠠᠷᠢᠶᠠᠯᠠᠩ ᠤᠨ ᠠᠵᠤ ᠦᠢᠯᠡᠰ ᠢᠶᠠᠷ ᠲᠤᠯᠢ ᠪᠣᠯᠭᠠᠵᠤ  ᠰᠢᠩ ᠾᠧ ᠰᠢᠶᠠᠨ ᠳᠤ ᠬᠡᠷᠡᠭᠵᠢᠭᠦᠯᠵᠦ ᠪᠣᠯᠬᠤ ᠡᠰᠡᠬᠦ ᠶᠢ ᠰᠤᠳᠤᠯᠬᠤ ᠬᠡᠷᠡᠭᠲᠡᠢ᠃ 2023 ᠣᠨ ᠤ ᠲᠦᠷᠦᠯ ᠵᠦᠢᠯ ᠢ ᠡᠷᠲᠡᠬᠡᠨ ᠲᠥᠯᠥᠪᠵᠢᠭᠦᠯᠵᠦ᠂ ᠭᠦᠢᠴᠡᠳᠬᠡᠪᠡᠰᠦ ᠵᠣᠬᠢᠬᠤ ᠭᠠᠷ ᠭᠦᠢᠴᠡᠳᠬᠡᠯ ᠢ ᠤᠷᠢᠳᠴᠢᠯᠠᠨ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠲᠣᠭᠲᠠᠭᠰᠠᠨ ᠴᠠᠭ ᠲᠠᠭᠠᠨ ᠠᠵᠢᠯ ᠳᠠᠭᠤᠰᠬᠠᠬᠤ ᠶᠢ ᠠᠬᠢᠭᠤᠯᠬᠤ ᠬᠡᠷᠡᠭᠲᠡᠢ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3