ᠸᠠᠩ ᠬᠤᠢ ᠢᠦᠢ ᠰᠢᠩ ᠡᡁᠧ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠰᠢᠶᠠᠨ ᠤ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/18
     11 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠩ ᠡᡁᠧ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠰᠢᠶᠠᠨ ᠤ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠤᠯᠤᠰ ᠤᠨ ᠬᠤᠶᠠᠳᠤᠭᠠᠷ ᠳᠡᠰ ᠤᠨ ᠫᠷᠤᠹᠧᠰᠰᠤᠷ ᠰᠦᠨ ᠵᠢᠶᠧ ᠶᠢ ᠤᠷᠢᠵᠤ ᠲᠧᠩ ᠰᠢᠶᠦ᠋ᠨ ᠤ ᠬᠤᠷᠠᠯ ᠢᠶᠠᠷ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠤᠯᠤᠰ ᠲᠦᠷᠦ ᠶᠢᠨ ᠲᠤᠩᠬᠠᠭ ᠪᠣᠯᠤᠨ ᠠᠵᠢᠯᠯᠠᠭᠠᠨ ᠤ ᠬᠥᠲᠥᠯᠪᠦᠷᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃
     ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠬᠠᠮᠤᠭ ᠤᠨ ᠴᠢᠬᠤᠯᠠ ᠬᠠᠮᠤᠭ ᠤᠨ ᠦᠨᠳᠦᠰᠦᠨ ᠵᠦᠢᠯ ᠪᠣᠯ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠣᠯᠭᠠᠬᠤ ᠬᠡᠷᠡᠭᠲᠡᠢ︔ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠦᠨᠵᠡᠭᠡᠢ ᠰᠤᠷᠤᠯᠴᠠᠨ ᠣᠶᠢᠯᠠᠭᠠᠵᠤ ᠂ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠭᠦᠨᠵᠡᠭᠡᠢ ᠪᠣᠳᠠᠲᠠᠶᠢᠵᠢᠭᠤᠯᠬᠤ ᠬᠡᠷᠡᠭᠲᠡᠢ︔ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ︔ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠤᠨ ᠶᠠᠩ ᠸᠧᠢ ᠳ᠋ᠦᠩ ᠱᠦᠵᠢ ᠶᠢᠨ ᠰᠢᠩ ᠡᡁᠧ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠳᠤᠲᠠᠭᠤᠳᠠᠯ ᠢ ᠦᠷᠭᠦᠯᠵᠢᠯᠡᠨ ᠨᠥᠬᠦᠪᠥᠷᠢᠯᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠬᠢᠵᠤ᠂ ᠬᠥᠳᠡᠭᠡ ᠲᠣᠰᠬᠤᠨ ᠤ ᠵᠠᠰᠠᠯᠲᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠸᠠᠩ ᠬᠤᠢ ᠢᠦᠢ ᠴᠢᠩᠭᠠᠳᠬᠠᠭᠰᠠᠨ ᠨᠢ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠲᠠᠢ ᠡᠷᠴᠢᠮᠲᠡᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠵᠤ᠂ ᠵᠠᠮ ᠬᠠᠷᠢᠯᠴᠠᠭᠠᠨ ᠤ ᠪᠣᠭᠤᠮᠲᠠ ᠪᠣᠭᠤᠮᠲᠠ ᠪᠣᠯᠤᠨ ᠨᠤᠲᠤᠭ ᠲᠠᠭᠠᠨ ᠪᠤᠴᠠᠭᠰᠠᠨ ᠬᠥᠮᠦᠰ ᠢ ᠰᠠᠶᠢᠲᠤᠷ ᠬᠠᠮᠢᠶᠠᠷᠤᠨ ᠡᠵᠡᠮᠳᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ ᠂ ᠤᠯᠤᠰ ᠤᠨ ᠬᠤᠶᠢᠰᠢᠳᠠ ᠶᠢᠨ ᠦᠨᠡᠯᠡᠨ ᠵᠢᠱᠢᠯᠲᠡ ᠶᠢ ᠤᠭᠲᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠠᠵᠢᠯ ᠨᠢᠭᠡᠨᠲᠡ ᠡᠴᠦᠰ ᠤᠨ ᠰᠢᠢᠳᠪᠦᠷᠢᠲᠦ ᠳᠠᠶᠢᠯᠠᠯᠳᠤᠭᠠᠨ ᠤ ᠴᠠᠭ ᠮᠥᠴᠡ ᠳᠤ ᠬᠦᠷᠴᠡᠢ᠂ ᠡᠯ᠎ᠡ ᠰᠠᠯᠠᠭ᠎ᠠ ᠮᠥᠴᠢᠷ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠵᠢᠯᠣᠭᠤᠳᠬᠤ ᠪᠠ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠴᠠ ᠶᠢᠨ ᠲᠠᠯ᠎ᠠ ᠪᠠᠷ ᠤᠯᠠᠮ ᠴᠢᠨᠠᠭᠰᠢᠳᠠ ᠵᠢᠷᠤᠮᠵᠢᠭᠤᠯᠵᠤ᠂ ᠴᠣᠮᠬᠠᠳᠬᠠᠵᠤ᠂ ᠬᠤᠷᠳᠤᠴᠠ ᠪᠠᠨ ᠲᠦᠷᠭᠡᠳᠬᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠪᠦᠬᠦ ᠬᠦᠴᠦᠨ ᠢᠶᠠᠷ ᠢᠶᠠᠨ ᠢᠯᠠᠨ ᠳᠠᠪᠠᠵᠤ᠂ ᠰᠤᠷᠲᠠᠯ ᠤᠨ ᠪᠠᠶᠢᠭᠤᠯᠤᠯᠲᠠ ᠶᠢᠨ ᠳᠤᠮᠳᠠᠬᠢ ᠡᠯ᠎ᠡ ᠵᠦᠢᠯ ᠤᠨ ᠠᠷᠬᠠᠭ ᠭᠡᠮ ᠪᠠ ᠮᠠᠭᠤ ᠳᠠᠳᠬᠠᠯ ᠢ ᠬᠦᠴᠦᠯᠡᠨ ᠠᠷᠢᠯᠭᠠᠵᠤ᠂ ᠬᠥᠭᠵᠢᠨ ᠮᠠᠨᠳᠤᠬᠤ ᠪᠠ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃      ᠬᠤᠷᠠᠯ ᠳᠡᠭᠡᠷ᠎ᠡ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠪᠣᠯᠤᠨ ᠬᠡᠰᠡᠭ ᠰᠢᠶᠠᠩ ᠪᠠᠯᠭᠠᠰᠤ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠬᠤ ᠪᠠ ᠶᠠᠷᠢᠶ᠎ᠠ ᠲᠠᠯᠪᠢᠵᠤ ᠂ ᠬᠤᠪᠢ ᠬᠥᠮᠦᠨ ᠤ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠮᠠᠨᠳᠤᠯ ᠬᠥᠭᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠪᠠ᠃      ᠯᠢ ᠺᠠᠶ ᠳ᠋ᠦᠩ᠂ ᠵᠣᠣ ᠷᠦᠢ᠂ ᠶᠠᠩ ᠵᠧᠨ ᠳ᠋ᠦᠩ ᠵᠡᠷᠭᠡ ᠳᠥᠷᠪᠡᠨ ᠶᠡᠭᠡ ᠤᠳᠤᠷᠢᠳᠬᠤ ᠪᠠᠭ ᠬᠡᠷ ᠲᠡᠭᠡᠨ ᠤᠳᠤᠷᠢᠳᠴᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠵᠠᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3