2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠢᠯᠡ ᠪᠠᠷ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/11/19
     ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠠᠷᠠᠳ ᠤᠯᠠᠨ ᠤ ᠬᠠᠯᠠᠭᠤᠨ ᠬᠦᠢᠳᠡᠨ ᠲᠠᠢ ᠬᠤᠯᠪᠣᠭᠳᠠᠵᠤ ᠪᠠᠶᠢᠳᠠᠭ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠵᠠᠰᠠᠭ ᠤᠨ ᠣᠷᠳᠣᠨ ᠤ ᠵᠠᠶᠢᠯᠠᠭᠤᠯᠵᠤ ᠪᠣᠯᠤᠰᠢ ᠦᠭᠡᠢ ᠡᠭᠦᠷᠭᠡ ᠬᠠᠷᠢᠭᠤᠴᠠᠯᠭ᠎ᠠ ᠮᠥᠨ᠃ ᠠᠷᠠᠳ ᠤᠨ ᠤᠶᠤᠨ ᠤᠬᠠᠭᠠᠨ ᠢ ᠨᠡᠩ ᠰᠠᠶᠢᠲᠤᠷ ᠲᠥᠪᠯᠡᠷᠡᠭᠦᠯᠵᠦ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠠᠷᠠᠳ ᠤᠯᠠᠨ ᠤ ᠳᠡᠷᠭᠡᠳᠡᠬᠢ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠶᠢᠨ ᠲᠥᠯᠥᠭᠡ᠂ ᠣᠨᠴᠠᠭᠠᠶᠢᠯᠠᠨ ᠨᠡᠶᠢᠭᠡᠮ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ ᠰᠠᠨᠠᠭᠤᠯᠭ᠎ᠠ ᠶᠢ ᠢᠯᠡ ᠪᠠᠷ ᠴᠤᠭᠯᠠᠭᠤᠯᠪᠠ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠡᠯᠰᠡᠬᠦ ᠴᠠᠭ      ᠲᠣᠰ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 10᠎ ᠤ ᠡᠳᠦᠷ ᠪᠣᠯᠲᠠᠯ᠎ᠠ      ᠬᠤᠶᠠᠷ᠂ ᠡᠯᠰᠡᠬᠦ ᠠᠭᠤᠯᠭ᠎ᠠ      ᠲᠣᠰ ᠤᠳᠠᠭᠠᠨ ᠤ ᠠᠵᠢᠯᠯᠠᠭ᠎ᠠ ᠳᠤ ᠣᠯᠠᠨ ᠲᠦᠮᠡᠨ ᠤ ᠠᠵᠢᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠳᠠᠯ ᠦᠢᠯᠡᠰ ᠴᠣᠭᠴᠠᠯᠠᠵᠤ ᠠᠵᠢᠯ ᠣᠯᠭᠤᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠠᠮᠤᠷ ᠲᠦᠪᠰᠢᠨ ᠵᠢᠴᠢ ᠪᠤᠰᠤᠳ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠬᠦᠷᠢᠶ᠎ᠡ ᠴᠠᠷᠠᠭ᠎ᠠ ᠶᠢ ᠭᠤᠤᠯᠳᠠᠯᠭ᠎ᠠ ᠲᠠᠢ ᠡᠯᠰᠡᠨ᠎ᠡ᠃ 2023 ᠣᠨ ᠳᠤ ᠰᠢᠶᠠᠨ ᠤ ᠵᠠᠰᠠᠭ ᠤᠨ ᠣᠷᠳᠣᠨ ᠤ ᠠᠬᠢᠭᠤᠯᠤᠨ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠴᠢᠮ ᠱᠠᠭᠠᠷᠳᠠᠵᠤ᠂ ᠪᠣᠳᠠᠲᠤ ᠶᠠᠪᠤᠳᠠᠯ ᠤᠨ ᠠᠭᠤᠯᠭ᠎ᠠ ᠨᠢ ᠲᠦᠭᠡᠮᠡᠯ ᠬᠠᠷᠠᠭᠠᠯᠵᠠᠯ ᠤᠨ ᠴᠢᠨᠠᠷ ᠪᠠ ᠪᠣᠯᠤᠮᠵᠢᠲᠤ ᠴᠢᠨᠠᠷ ᠲᠠᠢ ᠪᠠᠶᠢᠬᠤ ᠬᠡᠷᠡᠭᠲᠡᠶ᠃      ᠭᠤᠷᠪᠠ᠂ ᠡᠯᠰᠡᠬᠦ ᠠᠷᠭ᠎ᠠ ᠮᠠᠶ᠋ᠢᠭ      1. ᠸᠢᠴᠠᠲ ᠤᠨ ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ︾ ᠨᠡᠶᠢᠲᠡ ᠶᠢᠨ ᠳ᠋ᠤᠭᠠᠷ ᠢ ᠬᠠᠶᠢᠬᠤ ᠳᠤ᠂ ᠪᠠᠰᠠ ᠬᠤᠶᠠᠷ ᠬᠡᠮᠵᠢᠯᠳᠦ ᠺᠣᠳ᠋ ᠢ ᠰᠢᠭᠤᠳ ᠰᠢᠷᠪᠢᠵᠦ᠂ ᠠᠩᠬᠠᠷᠤᠯ ᠤᠨ ᠴᠡᠭ ᠨᠡᠮᠡᠵᠦ᠂ ᠰᠠᠨᠠᠭᠤᠯᠭ᠎ᠠ ᠪᠠᠨ ᠦᠭᠡ ᠦᠯᠡᠳᠡᠭᠡᠵᠦ ᠲᠤᠰᠢᠶᠠᠵᠤ ᠪᠣᠯᠤᠨ᠎ᠠ᠃ ᠰᠠᠨᠠᠭᠤᠯᠤᠭᠴᠢ ᠶᠢᠨ ᠣᠪᠣᠭ ᠨᠡᠷ᠎ᠡ᠂ ᠬᠠᠷᠢᠯᠴᠠᠬᠤ ᠤᠲᠠᠰᠤ ᠶᠢ ᠲᠣᠳᠣᠷᠬᠠᠶ ᠪᠢᠴᠢᠵᠦ᠂ ᠬᠠᠷᠢᠯᠴᠠᠬᠤ ᠳᠤ ᠳᠥᠭᠦᠮ ᠪᠣᠯᠭᠠᠬᠤ ᠬᠡᠷᠡᠭᠲᠡᠶ᠃      2. ᠡᠯᠧᠺᠲᠷᠣᠨ ᠰᠢᠦᠳᠠᠨ ᠤ ᠵᠦᠢᠯ ᠢ wmxhzfwz@163.com᠎ ᠳᠤ ᠬᠦᠷᠭᠡᠨ᠎ᠡ᠃      3. ᠵᠠᠬᠢᠳᠠᠯ ᠴᠢᠮᠡᠭᠡ ᠶᠢ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠢᠯᠡᠭᠡᠨ᠎ᠡ᠃ ᠬᠠᠶ᠋ᠢᠭ᠄ ᠰᠢᠩ ᠾᠧ ᠰᠢᠶᠠᠨ ᠤ ᠰᠢᠨ ᠴᠧᠩ ᠲᠣᠭᠤᠷᠢᠭ ᠤᠨ ᠲᠦᠩ ᠵᠧᠩ ᠵᠡᠭᠡᠯᠢ ᠶᠢᠨ ᠨᠠᠮ ᠵᠠᠰᠠᠭ ᠤᠨ ᠲᠤᠮᠤ ᠠᠰᠠᠷ᠂ ᠰᠢᠦᠳᠠᠨ ᠳ᠋ᠤᠭᠠᠷ᠄ 013650᠃      ᠬᠠᠷᠢᠯᠴᠠᠬᠤ ᠤᠲᠠᠰᠤ᠄ 0474 — 7212564 ︵ᠹᠠᠺᠰ︶      ᠳᠥᠷᠪᠡ᠂ ᠬᠠᠮᠢᠶ᠎ᠠ ᠪᠦᠬᠦᠢ ᠲᠣᠳᠣᠷᠬᠠᠶᠢᠯᠠᠯᠲᠠ      ᠴᠤᠭᠯᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠶ ᠰᠠᠨᠠᠭᠤᠯᠭ᠎ᠠ ᠳᠤ᠂ ᠰᠢᠶᠠᠨ ᠤ ᠵᠠᠰᠠᠭ ᠤᠨ ᠣᠷᠳᠣᠨ ︽ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠢ ᠪᠠᠷᠢᠮᠲᠠᠯᠠᠨ᠂ ᠣᠯᠠᠨ ᠲᠦᠮᠡᠨ ᠤ ᠲᠤᠰᠬᠠᠯ ᠴᠢᠩᠭ᠎ᠠ᠂ ᠪᠠᠴᠢᠮ  ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠭᠤᠤᠯᠳᠠᠯᠭ᠎ᠠ ᠲᠠᠢ ᠰᠣᠩᠭᠤᠵᠤ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠠᠳᠠᠯᠤᠯᠲᠠ᠂ ᠦᠨᠡᠯᠡᠯᠲᠡ᠂ ᠨᠤᠲᠠᠯᠠᠯᠲᠠ ᠬᠢᠯᠭᠡᠬᠦ ᠶᠢᠨ ᠬᠠᠮᠲᠤ ᠵᠢᠷᠤᠮ ᠶᠣᠰᠣᠭᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠵᠤ ᠪᠢᠯᠧᠲ ᠥᠭᠭᠦᠭᠦᠯᠦᠭᠰᠡᠨ ᠤ ᠳᠠᠷᠠᠭ᠎ᠠ᠂ 2023 ᠣᠨ ᠤ ᠰᠢᠶᠠᠨ ᠤ ᠵᠠᠰᠠᠭ ᠤᠨ ᠣᠷᠳᠣᠨ ᠤ ᠠᠬᠢᠭᠤᠯᠤᠨ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠶ ᠪᠠᠷ ᠣᠷᠣᠯᠴᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠪᠠᠶᠠᠷᠯᠠᠨ ᠤᠭᠲᠤᠨ᠎ᠠ᠃
                      ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ                       2022 ᠣᠨ ᠤ 11 ᠰᠠᠷ᠎ᠠ ᠶᠢᠨ 19᠎ ᠤ  ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3