ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠠᠷᠠᠳ ᠤᠯᠠᠨ ᠤ ᠬᠠᠯᠠᠭᠤᠨ ᠬᠦᠢᠳᠡᠨ ᠲᠠᠢ | ᠬᠤᠯᠪᠣᠭᠳᠠᠵᠤ ᠪᠠᠶᠢᠳᠠᠭ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠵᠠᠰᠠᠭ ᠤᠨ | ᠣᠷᠳᠣᠨ ᠤ ᠵᠠᠶᠢᠯᠠᠭᠤᠯᠵᠤ ᠪᠣᠯᠤᠰᠢ ᠦᠭᠡᠢ ᠡᠭᠦᠷᠭᠡ ᠬᠠᠷᠢᠭᠤᠴᠠᠯᠭ᠎ᠠ ᠮᠥᠨ᠃ ᠠᠷᠠᠳ ᠤᠨ ᠤᠶᠤᠨ ᠤᠬᠠᠭᠠᠨ ᠢ | ᠨᠡᠩ ᠰᠠᠶᠢᠲᠤᠷ ᠲᠥᠪᠯᠡᠷᠡᠭᠦᠯᠵᠦ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ | ᠠᠷᠠᠳ ᠤᠯᠠᠨ ᠤ ᠳᠡᠷᠭᠡᠳᠡᠬᠢ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ | ᠶᠠᠪᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠶᠢᠨ ᠲᠥᠯᠥᠭᠡ᠂ ᠣᠨᠴᠠᠭᠠᠶᠢᠯᠠᠨ | ᠨᠡᠶᠢᠭᠡᠮ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ ᠰᠠᠨᠠᠭᠤᠯᠭ᠎ᠠ ᠶᠢ | ᠢᠯᠡ ᠪᠠᠷ ᠴᠤᠭᠯᠠᠭᠤᠯᠪᠠ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠡᠯᠰᠡᠬᠦ ᠴᠠᠭ | ᠲᠣᠰ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ | ᠬᠤᠶᠠᠷ᠂ ᠡᠯᠰᠡᠬᠦ ᠠᠭᠤᠯᠭ᠎ᠠ | ᠲᠣᠰ ᠤᠳᠠᠭᠠᠨ ᠤ ᠠᠵᠢᠯᠯᠠᠭ᠎ᠠ ᠳᠤ ᠣᠯᠠᠨ ᠲᠦᠮᠡᠨ ᠤ ᠠᠵᠢᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ | ᠠᠳᠠᠯ ᠦᠢᠯᠡᠰ ᠴᠣᠭᠴᠠᠯᠠᠵᠤ ᠠᠵᠢᠯ ᠣᠯᠭᠤᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠨᠡᠶᠢᠭᠡᠮ ᠤᠨ | ᠪᠠᠲᠤᠯᠠᠭ᠎ᠠ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠣᠯᠠᠨ ᠨᠡᠶᠢᠲᠡ ᠶᠢᠨ | ᠠᠮᠤᠷ ᠲᠦᠪᠰᠢᠨ ᠵᠢᠴᠢ ᠪᠤᠰᠤᠳ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠬᠦᠷᠢᠶ᠎ᠡ ᠴᠠᠷᠠᠭ᠎ᠠ ᠶᠢ | ᠭᠤᠤᠯᠳᠠᠯᠭ᠎ᠠ ᠲᠠᠢ ᠡᠯᠰᠡᠨ᠎ᠡ᠃ 2023 ᠣᠨ ᠳᠤ ᠰᠢᠶᠠᠨ ᠤ ᠵᠠᠰᠠᠭ ᠤᠨ ᠣᠷᠳᠣᠨ ᠤ ᠠᠬᠢᠭᠤᠯᠤᠨ ᠬᠡᠷᠡᠭᠵᠢᠭᠦᠯᠬᠦ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠴᠢᠮ ᠱᠠᠭᠠᠷᠳᠠᠵᠤ᠂ ᠪᠣᠳᠠᠲᠤ ᠶᠠᠪᠤᠳᠠᠯ ᠤᠨ ᠠᠭᠤᠯᠭ᠎ᠠ ᠨᠢ | ᠲᠦᠭᠡᠮᠡᠯ ᠬᠠᠷᠠᠭᠠᠯᠵᠠᠯ ᠤᠨ ᠴᠢᠨᠠᠷ ᠪᠠ ᠪᠣᠯᠤᠮᠵᠢᠲᠤ ᠴᠢᠨᠠᠷ ᠲᠠᠢ ᠪᠠᠶᠢᠬᠤ ᠬᠡᠷᠡᠭᠲᠡᠶ᠃ | ᠭᠤᠷᠪᠠ᠂ ᠡᠯᠰᠡᠬᠦ ᠠᠷᠭ᠎ᠠ ᠮᠠᠶ᠋ᠢᠭ | 1. ᠸᠢᠴᠠᠲ ᠤᠨ ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ︾ | ᠨᠡᠶᠢᠲᠡ ᠶᠢᠨ ᠳ᠋ᠤᠭᠠᠷ ᠢ ᠬᠠᠶᠢᠬᠤ ᠳᠤ᠂ ᠪᠠᠰᠠ ᠬᠤᠶᠠᠷ ᠬᠡᠮᠵᠢᠯᠳᠦ ᠺᠣᠳ᠋ ᠢ ᠰᠢᠭᠤᠳ ᠰᠢᠷᠪᠢᠵᠦ᠂ ᠠᠩᠬᠠᠷᠤᠯ ᠤᠨ | ᠴᠡᠭ ᠨᠡᠮᠡᠵᠦ᠂ ᠰᠠᠨᠠᠭᠤᠯᠭ᠎ᠠ ᠪᠠᠨ ᠦᠭᠡ ᠦᠯᠡᠳᠡᠭᠡᠵᠦ ᠲᠤᠰᠢᠶᠠᠵᠤ ᠪᠣᠯᠤᠨ᠎ᠠ᠃ ᠰᠠᠨᠠᠭᠤᠯᠤᠭᠴᠢ ᠶᠢᠨ ᠣᠪᠣᠭ ᠨᠡᠷ᠎ᠡ᠂ | ᠬᠠᠷᠢᠯᠴᠠᠬᠤ ᠤᠲᠠᠰᠤ ᠶᠢ ᠲᠣᠳᠣᠷᠬᠠᠶ ᠪᠢᠴᠢᠵᠦ᠂ ᠬᠠᠷᠢᠯᠴᠠᠬᠤ ᠳᠤ ᠳᠥᠭᠦᠮ ᠪᠣᠯᠭᠠᠬᠤ ᠬᠡᠷᠡᠭᠲᠡᠶ᠃ | 2. ᠡᠯᠧᠺᠲᠷᠣᠨ ᠰᠢᠦᠳᠠᠨ ᠤ ᠵᠦᠢᠯ ᠢ wmxhzfwz@163.com ᠳᠤ ᠬᠦᠷᠭᠡᠨ᠎ᠡ᠃ | 3. ᠵᠠᠬᠢᠳᠠᠯ ᠴᠢᠮᠡᠭᠡ ᠶᠢ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ | ᠢᠯᠡᠭᠡᠨ᠎ᠡ᠃ ᠬᠠᠶ᠋ᠢᠭ᠄ ᠰᠢᠩ ᠾᠧ ᠰᠢᠶᠠᠨ ᠤ ᠰᠢᠨ ᠴᠧᠩ ᠲᠣᠭᠤᠷᠢᠭ ᠤᠨ ᠲᠦᠩ ᠵᠧᠩ ᠵᠡᠭᠡᠯᠢ ᠶᠢᠨ ᠨᠠᠮ | ᠵᠠᠰᠠᠭ ᠤᠨ ᠲᠤᠮᠤ ᠠᠰᠠᠷ᠂ ᠰᠢᠦᠳᠠᠨ ᠳ᠋ᠤᠭᠠᠷ᠄ 013650᠃ | ᠬᠠᠷᠢᠯᠴᠠᠬᠤ ᠤᠲᠠᠰᠤ᠄ 0474 — 7212564 ︵ᠹᠠᠺᠰ︶ | ᠳᠥᠷᠪᠡ᠂ ᠬᠠᠮᠢᠶ᠎ᠠ ᠪᠦᠬᠦᠢ ᠲᠣᠳᠣᠷᠬᠠᠶᠢᠯᠠᠯᠲᠠ | ᠴᠤᠭᠯᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠶ ᠰᠠᠨᠠᠭᠤᠯᠭ᠎ᠠ ᠳᠤ᠂ | ᠰᠢᠶᠠᠨ ᠤ ᠵᠠᠰᠠᠭ ᠤᠨ ᠣᠷᠳᠣᠨ ︽ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾ | ᠵᠠᠷᠴᠢᠮ ᠢ ᠪᠠᠷᠢᠮᠲᠠᠯᠠᠨ᠂ ᠣᠯᠠᠨ ᠲᠦᠮᠡᠨ ᠤ ᠲᠤᠰᠬᠠᠯ ᠴᠢᠩᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠶ | ᠠᠰᠠᠭᠤᠳᠠᠯ ᠢ ᠭᠤᠤᠯᠳᠠᠯᠭ᠎ᠠ ᠲᠠᠢ ᠰᠣᠩᠭᠤᠵᠤ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ ᠵᠠᠳᠠᠯᠤᠯᠲᠠ᠂ ᠦᠨᠡᠯᠡᠯᠲᠡ᠂ ᠨᠤᠲᠠᠯᠠᠯᠲᠠ ᠬᠢᠯᠭᠡᠬᠦ ᠶᠢᠨ ᠬᠠᠮᠲᠤ ᠵᠢᠷᠤᠮ ᠶᠣᠰᠣᠭᠠᠷ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠵᠤ ᠪᠢᠯᠧᠲ | ᠥᠭᠭᠦᠭᠦᠯᠦᠭᠰᠡᠨ ᠤ ᠳᠠᠷᠠᠭ᠎ᠠ᠂ 2023 ᠣᠨ ᠤ ᠰᠢᠶᠠᠨ ᠤ ᠵᠠᠰᠠᠭ ᠤᠨ ᠣᠷᠳᠣᠨ ᠤ ᠠᠬᠢᠭᠤᠯᠤᠨ ᠬᠡᠷᠡᠭᠵᠢᠭᠦᠯᠬᠦ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠢᠳᠡᠪᠬᠢᠲᠡᠶ ᠪᠠᠷ ᠣᠷᠣᠯᠴᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ | ᠪᠠᠶᠠᠷᠯᠠᠨ ᠤᠭᠲᠤᠨ᠎ᠠ᠃ | | | ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ | 2022 ᠣᠨ ᠤ 11 ᠰᠠᠷ᠎ᠠ ᠶᠢᠨ 19 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |