ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠠᠷᠠᠳ ᠤᠯᠠᠨ ᠤ ᠬᠠᠯᠠᠭᠤᠨ ᠬᠦᠢᠳᠡᠨ ᠲᠠᠢ ᠬᠤᠯᠪᠣᠭᠳᠠᠵᠤ | ᠪᠠᠶᠢᠳᠠᠭ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠵᠠᠰᠠᠭ ᠤᠨ ᠣᠷᠳᠣᠨ ᠤ ᠵᠠᠶᠢᠯᠠᠭᠤᠯᠵᠤ | ᠪᠣᠯᠤᠰᠢ ᠦᠭᠡᠢ ᠡᠭᠦᠷᠭᠡ ᠬᠠᠷᠢᠭᠤᠴᠠᠯᠭ᠎ᠠ ᠮᠥᠨ᠃ ᠠᠷᠠᠳ ᠤᠨ ᠤᠶᠤᠨ ᠤᠬᠠᠭᠠᠨ ᠢ ᠨᠡᠩ ᠰᠠᠶᠢᠲᠤᠷ ᠲᠥᠪᠯᠡᠷᠡᠭᠦᠯᠵᠦ᠂ | ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠠᠷᠠᠳ ᠤᠯᠠᠨ ᠤ ᠳᠡᠷᠭᠡᠳᠡᠬᠢ ᠰᠡᠳᠬᠢᠯ | ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ | ᠦᠭᠡᠢ ᠬᠠᠩᠭᠠᠬᠤ ᠶᠢᠨ ᠲᠥᠯᠥᠭᠡ᠂ ᠣᠨᠴᠠᠭᠠᠶᠢᠯᠠᠨ ᠨᠡᠶᠢᠭᠡᠮ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠤᠬᠠᠢ ᠰᠠᠨᠠᠭᠤᠯᠭ᠎ᠠ ᠶᠢ ᠢᠯᠡ ᠪᠠᠷ ᠴᠤᠭᠯᠠᠭᠤᠯᠪᠠ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ | ᠵᠠᠷᠯᠠᠶ᠎ᠠ᠄ | ᠨᠢᠭᠡ᠂ ᠡᠯᠰᠡᠬᠦ ᠴᠠᠭ | ᠲᠣᠰ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ | ᠬᠤᠶᠠᠷ᠂ ᠡᠯᠰᠡᠬᠦ ᠠᠭᠤᠯᠭ᠎ᠠ | ᠲᠣᠰ ᠤᠳᠠᠭᠠᠨ ᠤ ᠠᠵᠢᠯᠯᠠᠭ᠎ᠠ ᠳᠤ ᠣᠯᠠᠨ ᠲᠦᠮᠡᠨ ᠤ ᠠᠵᠢᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠳᠠᠯ | ᠦᠢᠯᠡᠰ ᠴᠣᠭᠴᠠᠯᠠᠵᠤ ᠠᠵᠢᠯ ᠣᠯᠭᠤᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠨᠡᠶᠢᠭᠡᠮ ᠤᠨ ᠪᠠᠲᠤᠯᠠᠭ᠎ᠠ᠂ | ᠣᠷᠣᠨ ᠰᠠᠭᠤᠴᠠ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ | ᠬᠠᠮᠢᠶᠠᠷᠤᠯᠲᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠠᠮᠤᠷ ᠲᠦᠪᠰᠢᠨ ᠵᠢᠴᠢ ᠪᠤᠰᠤᠳ ᠣᠯᠠᠨ | ᠲᠦᠮᠡᠨ ᠤ ᠠᠰᠢᠭ ᠲᠤᠰᠠ ᠳᠤ ᠬᠤᠯᠪᠣᠭᠳᠠᠬᠤ ᠬᠦᠷᠢᠶ᠎ᠡ ᠴᠠᠷᠠᠭ᠎ᠠ ᠶᠢ ᠭᠤᠤᠯᠳᠠᠯᠭ᠎ᠠ ᠲᠠᠢ ᠡᠯᠰᠡᠨ᠎ᠡ᠃ 2023 ᠣᠨ ᠳᠤ | ᠰᠢᠶᠠᠨ ᠤ ᠵᠠᠰᠠᠭ ᠤᠨ ᠣᠷᠳᠣᠨ ᠤ ᠠᠬᠢᠭᠤᠯᠤᠨ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠴᠢᠮ | ᠱᠠᠭᠠᠷᠳᠠᠵᠤ᠂ ᠪᠣᠳᠠᠲᠤ ᠶᠠᠪᠤᠳᠠᠯ ᠤᠨ ᠠᠭᠤᠯᠭ᠎ᠠ ᠨᠢ ᠲᠦᠭᠡᠮᠡᠯ ᠬᠠᠷᠠᠭᠠᠯᠵᠠᠯ ᠤᠨ ᠴᠢᠨᠠᠷ ᠪᠠ ᠪᠣᠯᠤᠮᠵᠢᠲᠤ ᠴᠢᠨᠠᠷ ᠲᠠᠢ | ᠪᠠᠶᠢᠬᠤ ᠬᠡᠷᠡᠭᠲᠡᠶ᠃ | ᠭᠤᠷᠪᠠ᠂ ᠡᠯᠰᠡᠬᠦ ᠠᠷᠭ᠎ᠠ ᠮᠠᠶ᠋ᠢᠭ | 1. ᠸᠢᠴᠠᠲ ᠤᠨ ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ︾ ᠨᠡᠶᠢᠲᠡ ᠶᠢᠨ | ᠳ᠋ᠤᠭᠠᠷ ᠢ ᠬᠠᠶᠢᠬᠤ ᠳᠤ᠂ ᠪᠠᠰᠠ ᠬᠤᠶᠠᠷ ᠬᠡᠮᠵᠢᠯᠳᠦ ᠺᠣᠳ᠋ ᠢ ᠰᠢᠭᠤᠳ ᠰᠢᠷᠪᠢᠵᠦ᠂ ᠠᠩᠬᠠᠷᠤᠯ ᠤᠨ ᠴᠡᠭ ᠨᠡᠮᠡᠵᠦ᠂ | ᠰᠠᠨᠠᠭᠤᠯᠭ᠎ᠠ ᠪᠠᠨ ᠦᠭᠡ ᠦᠯᠡᠳᠡᠭᠡᠵᠦ ᠲᠤᠰᠢᠶᠠᠵᠤ ᠪᠣᠯᠤᠨ᠎ᠠ᠃ ᠰᠠᠨᠠᠭᠤᠯᠤᠭᠴᠢ ᠶᠢᠨ ᠣᠪᠣᠭ ᠨᠡᠷ᠎ᠡ᠂ ᠬᠠᠷᠢᠯᠴᠠᠬᠤ | ᠤᠲᠠᠰᠤ ᠶᠢ ᠲᠣᠳᠣᠷᠬᠠᠶ ᠪᠢᠴᠢᠵᠦ᠂ ᠬᠠᠷᠢᠯᠴᠠᠬᠤ ᠳᠤ ᠳᠥᠭᠦᠮ ᠪᠣᠯᠭᠠᠬᠤ ᠬᠡᠷᠡᠭᠲᠡᠶ᠃ | 2. ᠡᠯᠧᠺᠲᠷᠣᠨ ᠰᠢᠦᠳᠠᠨ ᠤ ᠵᠦᠢᠯ ᠢ wmxhzfwz@163.com ᠳᠤ ᠬᠦᠷᠭᠡᠨ᠎ᠡ᠃ | 3. ᠵᠠᠬᠢᠳᠠᠯ ᠴᠢᠮᠡᠭᠡ ᠶᠢ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠢᠯᠡᠭᠡᠨ᠎ᠡ᠃ | ᠬᠠᠶ᠋ᠢᠭ᠄ ᠰᠢᠩ ᠾᠧ ᠰᠢᠶᠠᠨ ᠤ ᠰᠢᠨ ᠴᠧᠩ ᠲᠣᠭᠤᠷᠢᠭ ᠤᠨ ᠲᠦᠩ ᠵᠧᠩ ᠵᠡᠭᠡᠯᠢ ᠶᠢᠨ ᠨᠠᠮ ᠵᠠᠰᠠᠭ ᠤᠨ ᠲᠤᠮᠤ ᠠᠰᠠᠷ᠂ | ᠰᠢᠦᠳᠠᠨ ᠳ᠋ᠤᠭᠠᠷ᠄ 013650᠃ | ᠬᠠᠷᠢᠯᠴᠠᠬᠤ ᠤᠲᠠᠰᠤ᠄ 0474 — 7212564 ︵ᠹᠠᠺᠰ︶ | ᠳᠥᠷᠪᠡ᠂ ᠬᠠᠮᠢᠶ᠎ᠠ ᠪᠦᠬᠦᠢ ᠲᠣᠳᠣᠷᠬᠠᠶᠢᠯᠠᠯᠲᠠ | ᠴᠤᠭᠯᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠶ ᠰᠠᠨᠠᠭᠤᠯᠭ᠎ᠠ ᠳᠤ᠂ ᠰᠢᠶᠠᠨ ᠤ | ᠵᠠᠰᠠᠭ ᠤᠨ ᠣᠷᠳᠣᠨ ︽ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠢ | ᠪᠠᠷᠢᠮᠲᠠᠯᠠᠨ᠂ ᠣᠯᠠᠨ ᠲᠦᠮᠡᠨ ᠤ ᠲᠤᠰᠬᠠᠯ ᠴᠢᠩᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ | ᠭᠤᠤᠯᠳᠠᠯᠭ᠎ᠠ ᠲᠠᠢ ᠰᠣᠩᠭᠤᠵᠤ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠵᠠᠳᠠᠯᠤᠯᠲᠠ᠂ ᠦᠨᠡᠯᠡᠯᠲᠡ᠂ ᠨᠤᠲᠠᠯᠠᠯᠲᠠ ᠬᠢᠯᠭᠡᠬᠦ ᠶᠢᠨ ᠬᠠᠮᠲᠤ ᠵᠢᠷᠤᠮ ᠶᠣᠰᠣᠭᠠᠷ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠵᠤ ᠪᠢᠯᠧᠲ ᠥᠭᠭᠦᠭᠦᠯᠦᠭᠰᠡᠨ ᠤ ᠳᠠᠷᠠᠭ᠎ᠠ᠂ | 2023 ᠣᠨ ᠤ ᠰᠢᠶᠠᠨ ᠤ ᠵᠠᠰᠠᠭ ᠤᠨ ᠣᠷᠳᠣᠨ ᠤ ᠠᠬᠢᠭᠤᠯᠤᠨ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠪᠣᠯᠭᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠶ ᠪᠠᠷ ᠣᠷᠣᠯᠴᠠᠵᠤ᠂ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠪᠠᠶᠠᠷᠯᠠᠨ ᠤᠭᠲᠤᠨ᠎ᠠ᠃ | | | ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ | 2022 ᠣᠨ ᠤ 11 ᠰᠠᠷ᠎ᠠ ᠶᠢᠨ 19 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |