ᠰᠢᠩ ᠾᠧ ᠰᠢᠶᠠᠨ ᠤ ᠴᠠᠷ ᠨᠠᠭᠤᠷ᠄ ᠤᠨᠴᠠᠯᠢᠬᠳᠤ ᠬᠥᠳᠡᠭᠡ ᠠᠵᠤ ᠠᠬᠤᠢ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠵᠦ ᠨᠡᠶᠢᠰᠯᠡᠯ ᠳᠤ ᠬᠠᠨᠳᠤᠭᠰᠠᠨ ︽ᠢᠳᠡᠰᠢᠨ ᠨᠣᠭᠤᠭ᠎ᠠ︾ ᠪᠠ ᠪᠡᠭᠡᠵᠢᠩ ᠬᠤᠳᠠ ᠶᠢᠨ ᠲᠡᠭᠦᠷᠭᠡ ᠶᠢᠨ ᠵᠤᠭᠠᠴᠠᠯ ᠤᠨ ︽  ᠺᠠᠷᠲ ᠪᠦᠷᠢᠳᠭᠡᠭᠦᠯᠬᠦ ᠭᠠᠵᠠᠷ︾᠎ ᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/11/21
     ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠡᠶᠢᠰᠯᠡᠯ ᠳᠤ ᠬᠠᠨᠳᠤᠭᠤᠯᠤᠭᠰᠠᠨ ︽ᠲᠤᠮᠤ ᠨᠣᠭᠤᠭᠠᠨ ᠤ ᠬᠦᠷᠢᠶᠡᠯᠡᠩ︾ ᠪᠣᠯᠤᠨ ︽ᠠᠷᠤ ᠲᠠᠯ᠎ᠠ ᠶᠢᠨ ᠴᠡᠴᠡᠷᠯᠢᠭ︾᠎ ᠢ ᠬᠦᠴᠦᠯᠡᠨ ᠪᠠᠶᠢᠭᠤᠯᠵᠠᠢ᠃ ᠰᠢᠩ ᠡᡁᠧ ᠰᠢᠶᠠᠨ ᠤ  ᠴᠠᠢ ᠨᠠᠭᠤᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠲᠤᠬᠠᠢ ᠶᠢᠨ ᠭᠠᠵᠠᠷ ᠤᠨ ᠲᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠤ  ᠴᠠᠷ ᠨᠠᠭᠤᠷ ᠤᠨ ᠪᠠᠶᠢᠭᠠᠯᠢ ᠶᠢᠨ ᠡᠬᠢ ᠪᠠᠶᠠᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ︽ᠲᠠᠷᠢᠶᠠᠯᠠᠩ ᠵᠤᠭᠠᠴᠠᠯ ᠢ ᠤᠶᠠᠯᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ ᠡᠷᠬᠢᠯᠳᠡᠳᠦ ᠬᠥᠭᠵᠢᠯᠲᠡ ᠶᠢᠨ ᠵᠠᠭᠪᠤᠷ ᠢᠶᠠᠷ ᠨᠡᠶᠢᠰᠯᠡᠯ ᠳᠤ ᠬᠠᠨᠳᠤᠭᠤᠯᠤᠭᠰᠠᠨ ᠠᠮᠢ ᠠᠬᠤᠢ ᠶᠢᠨ ᠵᠤᠭᠠᠴᠠᠯ᠂ ᠲᠥᠪ ᠲᠣᠭᠤᠭᠠᠨ ᠭᠡᠷ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃
      ᠴᠠᠷ ᠨᠠᠭᠤᠷ ᠤᠨ ᠲᠠᠷᠢᠶᠠᠯᠠᠩ ᠤᠨ ᠲᠠᠯᠠᠪᠠᠶ ᠶᠢᠨ ᠢᠳᠡᠰᠢᠨ ᠨᠣᠭᠤᠭᠠᠨ ᠤ ᠬᠦᠯᠡᠮᠵᠢ ᠳᠤ᠂ ᠪᠣᠯᠪᠠᠰᠤᠷᠠᠭᠰᠠᠨ ᠲᠥᠪᠡᠳ ᠬᠠᠰᠢ ᠨᠤᠭᠤᠳ ᠢ ᠰᠠᠯᠠᠭ᠎ᠠ ᠨᠠᠮᠠᠭ᠎ᠠ ᠪᠠᠷ ᠳᠦᠭᠦᠷᠲᠡᠯ᠎ᠡ ᠡᠯᠭᠦᠵᠦ᠂ ᠬᠡᠰᠡᠭ ᠬᠡᠰᠡᠭ ᠨᠣᠭᠤᠭ᠎ᠠ ᠬᠥᠮᠦᠰ ᠤᠨ ᠪᠠᠭ᠋ᠠᠷᠬᠠᠯ ᠢ ᠲᠠᠲᠠᠵᠤ᠂ ᠴᠠᠯᠬ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠳ ᠡᠯ᠎ᠡ ᠲᠦᠷᠦᠯ ᠤᠨ ᠣᠷᠭᠠᠨᠢᠭ ᠢᠳᠡᠰᠢᠨ ᠨᠣᠭᠤᠭ᠎ᠠ ᠶᠢ ᠲᠡᠭᠦᠬᠦ ᠪᠠᠷ ᠶᠠᠭᠠᠷᠠᠯᠳᠤᠵᠤ᠂ ᠢᠯᠭᠠᠬᠤ᠂ ᠵᠢᠩᠯᠡᠬᠦ᠂ ᠪᠣᠭᠤᠳᠠᠯᠯᠠᠬᠤ᠂ ᠲᠡᠷᠭᠡᠨ ᠳᠤ ᠲᠡᠭᠡᠭᠡᠬᠦ ᠠᠯᠢ ᠤᠯᠠᠨ ᠶᠠᠪᠤᠴᠠ ᠶᠢ ᠥᠩᠭᠡᠷᠡᠭᠡᠵᠦ᠂ ᠰᠢᠨ᠎ᠡ ᠰᠣᠷᠭᠤᠭ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠶᠢ ᠪᠡᠭᠡᠵᠢᠩ᠂ ᠬᠥᠬᠡᠬᠤᠲᠠ ᠵᠡᠷᠭᠡ ᠭᠠᠵᠠᠷ ᠤᠨ ᠳᠡᠭᠡᠳᠦ ᠲᠡᠰ ᠤᠨ ᠵᠠᠬ᠎ᠠ ᠳᠡᠯᠭᠡᠭᠦᠷ ᠲᠤ ᠬᠦᠷᠭᠡᠵᠦ ᠪᠠᠶᠢᠨ᠎ᠠ᠃ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠷᠣᠨ ᠪᠦᠰᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢᠨ ᠠᠴᠢ ᠪᠠᠷ ᠰᠢᠩ ᠾᠧ ᠶᠢᠨ ᠪᠣᠬᠢᠷᠲᠤᠯ ᠥᠬᠡᠶ ᠣᠷᠭᠠᠨᠢᠭ ᠢᠳᠡᠰᠢᠨ ᠨᠣᠭᠤᠭ᠎ᠠ᠂ ᠨᠤᠲᠤᠭ ᠤᠨ ᠣᠨᠴᠠ ᠭᠠᠷᠤᠯᠲᠠ ᠪᠡᠭᠡᠵᠢᠩ ᠳᠤ ᠮᠠᠰᠢ ᠰᠠᠶᠢᠨ ᠪᠣᠷᠣᠯᠠᠭᠤᠯᠤᠭᠳᠠᠵᠤ ᠪᠠᠶᠢᠨ᠎ᠠ᠃
     ᠰᠢᠩ ᠡᡁᠧ ᠰᠢᠶᠠᠨ ᠤ ᠴᠠᠢ ᠨᠠᠭᠤᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠮᠢ ᠠᠬᠤᠢ ᠶᠢᠨ ᠥᠨᠳᠥᠷ ᠦᠷ᠎ᠡ ᠠᠰᠢᠭ ᠲᠠᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠣᠷᠭᠠᠨᠢᠭ ᠢᠳᠡᠰᠢᠨ ᠨᠣᠭᠤᠭ᠎ᠠ ᠲᠠᠷᠢᠬᠤ᠂ ᠣᠨᠴᠠ ᠲᠦᠷᠦᠯ ᠤᠨ ᠲᠠᠷᠠᠬᠠᠢ ᠲᠡᠵᠢᠭᠡᠯ᠂ ᠲᠥᠪ ᠤᠨ ᠲᠣᠭᠤᠭᠠᠨ ᠭᠡᠷ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠵᠦ ᠡᠳ᠋ ᠪᠠᠷᠠᠭᠠᠨ ᠤ ᠭᠦᠢᠯᠭᠡᠭᠡ ᠪᠠᠷ ᠲᠤᠬᠢᠷᠠᠭᠤᠯᠤᠨ ᠬᠦᠷᠭᠡᠬᠦ᠂ ᠠᠮᠢ ᠠᠬᠤᠢ ᠶᠢᠨ ᠵᠤᠭᠠᠴᠠᠯ᠂ ᠲᠠᠷᠢᠶᠠᠯᠠᠭ᠎ᠠ ᠶᠢᠨ ᠥᠩᠭᠡᠷᠡᠯᠲᠡ ᠵᠡᠷᠭᠡ ᠶᠢ ᠨᠢᠭᠡ ᠴᠤᠬᠴᠠᠵᠢᠭᠤᠯᠤᠬᠰᠠᠨ ᠪᠠᠶᠢᠨ᠎ᠠ᠂ ᠡᠭᠦᠨ ᠳᠤ᠂ ᠲᠡᠵᠢᠭᠡᠨ ᠦᠷᠡᠵᠢᠭᠦᠯᠬᠦ ᠰᠠᠭᠤᠷᠢᠨ ᠤ ᠡᠵᠡᠯᠡᠬᠦ ᠲᠠᠯᠠᠪᠠᠢ ᠪᠠᠷᠤᠭ 2.6 ᠮᠦ᠂ ᠠᠮᠠᠷᠠᠯᠲᠠ ᠶᠢᠨ ᠣᠷᠣᠨ ᠤ ᠶᠡᠷᠦᠩᠬᠡᠢ ᠲᠠᠯᠠᠪᠠᠢ 6.6 ᠲᠦᠮᠡᠨ ᠮᠦ ᠳᠤ ᠬᠦᠷᠴᠡᠢ᠃ ᠣᠳᠣᠬᠠᠨ ᠳᠤ᠂ ᠠᠵᠤ ᠠᠬᠤᠶᠢᠯᠠᠯ ᠤᠨ ᠵᠢᠯ ᠪᠦᠷᠢ ᠶᠢᠨ ᠦᠬᠡᠷ᠂ ᠬᠤᠨᠢ᠂ ᠲᠠᠬᠢᠶ᠎ᠠ᠂ ᠭᠠᠭ᠋ᠠᠶ᠂ ᠵᠢᠭᠠᠰᠤ ᠵᠡᠷᠭᠡ ᠡᠯ᠎ᠡ ᠵᠦᠢᠯ ᠤᠨ ᠰᠢᠨ᠎ᠡ ᠮᠢᠬ᠎ᠠ᠂ ᠰᠢᠨ᠎ᠡ ᠥᠨᠳᠡᠭᠡ ᠶᠢ ᠡᠳ᠋ᠰᠢᠭᠦᠯᠦᠨ ᠦᠢᠯᠡᠳᠪᠦᠷᠢᠯᠡᠵᠦ ᠳᠣᠭᠢᠷᠠᠭᠤᠯᠤᠨ ᠬᠦᠷᠭᠡᠬᠦ ᠬᠡᠮᠵᠢᠶ᠎ᠡ 350 ᠭᠠᠷᠤᠶ ᠲᠣᠨ ᠳᠤ ᠬᠦᠷᠴᠦ ᠪᠣᠶ︔ ᠡᠯ᠎ᠡ ᠵᠦᠢᠯ ᠤᠨ ᠢᠳᠡᠰᠢᠨ ᠨᠣᠭᠤᠭ᠎ᠠ᠂ ᠭᠤᠸᠠ ᠵᠢᠮᠢᠰ ᠪᠠᠷᠤᠭ 700 ᠭᠠᠷᠤᠶ ᠲᠣᠨ ᠪᠠᠶᠢᠳᠠᠭ︔ ᠡᠯᠳᠡᠪ ᠠᠮᠤ ᠡᠯᠳᠡᠪ ᠪᠤᠷᠴᠠᠭ᠂ ᠶᠤᠤᠮᠠᠶ ᠶᠢᠨ ᠭᠤᠯᠢᠷ᠂ ᠴᠠᠭᠠᠨ ᠭᠤᠯᠢᠷ᠂ ᠰᠠᠭᠠᠭ ᠤᠨ ᠭᠤᠯᠢᠷ᠂ ᠬᠤᠯᠤ ᠶᠢᠨ ᠲᠤᠰᠤ ᠪᠠᠷᠤᠭ 265 ᠲᠣᠨ ᠪᠠᠶᠢᠳᠠᠭ︔ ᠡᠯ᠎ᠡ ᠲᠥᠷᠥᠯ ᠤᠨ ᠬᠤᠯᠢᠰᠢᠨ ᠢᠳᠡᠭᠡᠨ 180 ᠭᠠᠷᠤᠶ ᠲᠣᠨ ᠳᠤ ᠬᠦᠷᠴᠡᠶ᠃
     ᠠᠮᠢ ᠠᠬᠤᠶ ᠶᠢᠨ ᠲᠠᠷᠢᠶᠠᠯᠠᠩ ᠤᠨ ᠠᠵᠤ ᠦᠢᠯᠡᠰ ᠢ ᠴᠢᠨᠠᠷ ᠰᠠᠶᠢᠲᠠᠶ ᠬᠥᠭᠵᠢᠭᠦᠯᠵᠦ ᠲᠠᠰ ᠳᠡᠪᠰᠢᠭᠦᠯᠬᠦ ᠶᠢᠨ ᠵᠡᠷᠭᠡ ᠳᠤ ᠰᠢᠩ ᠾᠧ ᠰᠢᠶᠠᠨ ᠤ ᠴᠠᠢ ᠨᠠᠭᠤᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠴᠧᠩ ᠭᠤᠸᠠᠨ ᠪᠠᠯᠭᠠᠰᠤ ᠬᠠᠮᠲᠤ ᠪᠠᠷ ᠬᠦᠯᠡᠮᠵᠢ ᠪᠠᠶᠢᠭᠤᠯᠤᠭᠰᠠᠨ ᠪᠥᠭᠡᠳ ᠲᠤᠬᠠᠶ ᠶᠢᠨ ᠭᠠᠵᠠᠷ ᠤᠨ ᠲᠠᠷᠢᠶᠠᠴᠢᠳ ᠤᠨ ᠭᠠᠵᠠᠷ ᠰᠢᠷᠣᠶ ᠶᠢᠨ ᠡᠷᠭᠢᠯᠲᠡ ᠶᠢᠨ ᠬᠡᠯᠪᠡᠷᠢ ᠪᠠᠷ ᠬᠤᠪᠢ ᠣᠷᠣᠬᠤ ᠶᠢ ᠵᠣᠷᠢᠭᠵᠢᠭᠤᠯᠵᠤ᠂ ᠭᠠᠵᠠᠷ ᠰᠢᠷᠣᠶ ᠂ ᠬᠥᠳᠡᠯᠮᠦᠷᠢ ᠬᠦᠴᠦ ᠵᠡᠷᠭᠡ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠴᠠᠢ ᠨᠠᠭᠤᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠵᠤ ᠠᠬᠤᠢᠢᠯᠠᠯᠴᠢᠯᠠᠬᠰᠠᠨ ᠡᠵᠡᠩᠨᠡᠯᠲᠡ ᠪᠠᠷ ᠲᠠᠮᠵᠢᠨ ᠡᠷᠬᠢᠨ ᠲᠣᠭᠤᠷᠢᠨ ᠤ 8 ᠲᠣᠰᠬᠤᠨ ᠤ ᠠᠷᠠᠳ ᠤᠨ ᠵᠥᠪᠯᠡᠯ ᠳᠤ ᠨᠡᠶᠢᠳᠡ 500 ᠭᠠᠷᠤᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠬᠠᠩᠭᠠᠵᠤ᠂ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠢ ᠳᠤ 241.6 ᠲᠦᠮᠡᠨ ᠲᠥᠭᠦᠷᠢᠭ ᠲᠤᠰᠢᠶᠠᠵᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠲᠠᠮᠵᠢᠨ ᠲᠠᠷᠢᠶᠠᠴᠢᠳ ᠲᠤ 150 ᠭᠠᠷᠤᠢ ᠲᠦᠮᠡᠨ ᠲᠥᠭᠦᠷᠢᠭ ᠤᠨ ᠣᠷᠣᠯᠭ᠎ᠠ ᠨᠡᠮᠡᠵᠦ ᠥᠭᠴᠡᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3