ᠳ᠋ᠠ ᠲᠥᠩ ᠶᠣᠣ ᠰᠢᠶᠠᠩ ᠠᠴᠠ ᠥᠷᠭᠡᠨ ᠤᠯᠠᠨ ᠲᠣᠰᠬᠤᠨ ᠤ ᠠᠷᠠᠳ ᠲᠤ ᠥᠭᠭᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/11/21
     ᠥᠷᠭᠡᠨ ᠤᠯᠠᠨ ᠲᠣᠰᠬᠤᠨ ᠤ ᠠᠷᠠᠳ ᠨᠠᠶᠢᠵᠠ ᠨᠠᠷ᠄      ᠣᠳᠣᠬᠠᠨ ᠳᠤ᠂ ᠬᠢᠵᠢᠭ ᠤᠨ ᠪᠠᠶᠢᠳᠠᠯ ᠪᠠᠶᠢᠨ ᠳᠠᠬᠢᠨ ᠲᠣᠭᠲᠠᠪᠤᠷᠢ ᠥᠬᠡᠶ ᠪᠠᠶᠢᠵᠤ᠂ ᠬᠥᠬᠡᠬᠤᠲᠠ ᠵᠢᠴᠢ ᠮᠠᠨ ᠤ ᠰᠢᠶᠠᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠵᠤ᠂ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠬᠢᠯᠪᠠᠷ ᠪᠤᠰᠤ ᠪᠠᠷ ᠣᠯᠤᠭᠰᠠᠨ ᠶᠤᠮ᠂ ᠲᠠ ᠪᠣᠯᠤᠨ ᠬᠡᠷ ᠤᠨ ᠬᠥᠮᠦᠰ ᠤᠨ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠳᠣᠤᠷᠠᠬᠢ ᠮᠡᠲᠦ ᠰᠠᠨᠠᠭᠠᠴᠢᠯᠠᠶ᠎ᠠ ᠭᠠᠷᠭᠠᠶ᠎ᠠ᠄      ᠨᠢᠭᠡ᠂ ᠬᠤᠪᠢ ᠬᠥᠮᠦᠨ ᠤ ᠰᠡᠷᠭᠡᠶᠢᠯᠡᠯᠲᠡ ᠶᠢ ᠠᠩᠬᠠᠷᠴᠤ᠂ ᠬᠢᠵᠢᠭ ᠢ ᠰᠡᠷᠭᠡᠶᠢᠯᠡᠬᠦ ᠲᠦᠷᠦ ᠶᠢᠨ ᠪᠤᠳᠤᠯᠭ᠎ᠠ ᠶᠢ ᠵᠢᠷᠤᠮᠯᠠᠨ ᠰᠠᠬᠢᠬᠤ ᠬᠡᠷᠡᠭᠲᠡᠶ      ᠪᠥᠭᠡᠮᠨᠡᠷᠡᠬᠦ ᠥᠬᠡᠶ᠂ ᠭᠠᠳᠠᠭᠰᠢ ᠳᠤᠲᠠᠭᠤ ᠭᠠᠷᠴᠤ᠂ ᠭᠠᠳᠠᠭᠰᠢ ᠭᠠᠷᠴᠤ ᠬᠥᠳᠡᠯᠭᠡᠭᠡᠨ ᠬᠢᠬᠦ ᠶᠢ ᠠᠯᠢ ᠴᠢᠳᠠᠬᠤ ᠪᠠᠷ ᠪᠠᠭᠠᠰᠬᠠᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠪᠠ ᠬᠠᠮᠲᠤ ᠬᠤᠭᠤᠯᠠᠯᠠᠬᠤ ᠶᠢ ᠪᠠᠭᠠᠰᠬᠠᠨ᠎ᠠ᠃ ᠭᠠᠳᠠᠭᠰᠢ ᠭᠠᠷᠬᠤ᠂ ᠨᠤᠲᠤᠭ ᠲᠠᠭᠠᠨ ᠬᠠᠷᠢᠬᠤ ᠳᠤ ᠲᠣᠭᠲᠠᠭᠠᠯ ᠢ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠲᠣᠰᠬᠤᠨ ᠤ ᠠᠷᠠᠳ ᠤᠨ ᠵᠥᠪᠯᠡᠯ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠲᠠᠯᠠᠪᠤᠷ ᠭᠠᠵᠠᠷ ᠤᠨ ᠨᠣᠮᠧᠷ ᠢᠶᠠᠨ ᠭᠠᠷᠭᠠᠨ ᠦᠵᠡᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠳᠠᠭᠠᠨ ᠠᠮᠠᠪᠴᠢ ᠵᠡᠭᠦᠵᠦ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃      ᠬᠤᠶᠠᠷ᠂ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠪᠡ      ᠬᠤᠪᠢ ᠶᠢᠨ ᠮᠠᠰᠢᠨ ᠲᠡᠷᠭᠡ ᠶᠢ ᠬᠥᠬᠡᠬᠤᠲᠠ ᠵᠢᠴᠢ ᠡᠷᠬᠢᠨ ᠲᠣᠭᠤᠷᠢᠨ ᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠢᠨᠲ᠋ᠤᠷ ᠰᠦᠯᠵᠢᠶ᠎ᠡ᠂ ᠳ᠋ᠢᠶᠠᠩᠬᠤᠸᠠ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠲᠣᠭᠤᠷᠢᠤ ᠵᠠᠮ ᠢᠶᠠᠷ ᠠᠶᠠᠨᠴᠢᠳ ᠲᠠᠢ ᠬᠠᠷᠢᠯᠴᠠᠬᠤ ᠶᠢ ᠴᠢᠩᠭ᠎ᠠ ᠴᠠᠭᠠᠵᠠᠯᠠᠨ᠎ᠠ︔ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠬᠥᠮᠦᠰ ᠢ ᠮᠠᠨ ᠤ ᠰᠤᠮᠤ ᠳᠤ ᠣᠷᠣᠭᠤᠯᠵᠤ ᠵᠠᠶᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠮᠡᠳᠡᠭᠦᠯᠦᠨ ᠳᠠᠩᠰᠠᠯᠠᠭᠤᠯᠬᠤ ᠲᠠᠰ ᠳᠠᠷᠠᠭᠠᠯᠠᠯ ᠢ ᠵᠢᠷᠤᠮᠯᠠᠬᠤ ᠥᠬᠡᠶ ᠪᠠᠷ ᠤᠷᠢᠳᠴᠢᠯᠠᠨ ᠨᠤᠲᠤᠭ ᠲᠠᠭᠠᠨ ᠪᠤᠴᠠᠬᠤ ᠶᠢ ᠴᠢᠩᠭ᠎ᠠ ᠴᠠᠭᠠᠵᠠᠯᠠᠨ᠎ᠠ︔ ᠬᠡᠷ ᠲᠡᠭᠡᠨ ᠲᠤᠰᠠᠭᠠᠷᠯᠠᠬᠤ ᠬᠤᠭᠤᠴᠠᠭᠠᠨ ᠳᠤ ᠳᠤᠷ᠎ᠠ ᠪᠠᠷ ᠢᠶᠠᠨ ᠭᠠᠳᠠᠭᠰᠢ ᠭᠠᠷᠬᠤ ᠶᠢ ᠴᠢᠩᠭ᠎ᠠ ᠴᠠᠭᠠᠵᠠᠯᠠᠨ᠎ᠠ᠂ ᠳᠡᠭᠡᠷᠡᠬᠢ ᠤᠶᠢᠯᠡ ᠠᠵᠢᠯᠯᠠᠭ᠎ᠠ ᠶᠢ ᠣᠯᠵᠤ ᠮᠡᠳᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠰᠢᠳᠭᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠦᠨᠳᠦ ᠪᠠᠷ ᠴᠢᠩᠭ᠎ᠠ ᠰᠢᠳᠬᠡᠵᠦ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠢᠯᠡᠴᠢᠯᠡᠨ ᠮᠡᠳᠡᠭᠦᠯᠬᠦ ᠲᠣᠭᠲᠠᠴᠠ ᠶᠢ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ      ᠬᠡᠷᠪᠡ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠪᠤᠶᠤ ᠪᠤᠰᠤᠳ ᠭᠠᠵᠠᠷ ᠣᠷᠣᠨ ᠤ ᠨᠤᠲᠤᠭ ᠲᠠᠭᠠᠨ ᠪᠤᠴᠠᠭᠰᠠᠨ ᠢ ᠣᠯᠵᠤ ᠮᠡᠳᠡᠪᠡᠯ᠂ ᠮᠡᠳᠡᠭᠦᠯᠦᠨ ᠳᠠᠩᠰᠠᠯᠠᠭᠤᠯᠬᠤ ᠲᠠᠰ ᠳᠠᠷᠠᠭᠠᠯᠠᠯ ᠢ ᠭᠦᠢᠴᠡᠳᠭᠡᠬᠦ ᠥᠬᠡᠶ ᠪᠣᠯ ᠰᠢᠶᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠤᠨ᠎ᠠ ︵ᠢᠯᠡᠴᠢᠯᠡᠨ ᠮᠡᠳᠡᠭᠦᠯᠬᠦ ᠤᠲᠠᠰᠤ᠄ 0474 — 7545003︶᠂ ᠡᠰᠡᠬᠦᠯ᠎ᠡ ᠭᠠᠴᠠᠭᠠᠨ ᠤ ᠠᠷᠠᠳ ᠤᠨ ᠵᠥᠪᠯᠡᠯ ᠳᠤ ᠢᠯᠡᠴᠢᠯᠡᠨ ᠮᠡᠳᠡᠭᠦᠯᠦᠨ᠎ᠡ᠃ ᠪᠢᠳᠡ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠮᠠᠭᠤ ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠦᠭᠰᠡᠨ᠂ ᠪᠤᠰᠤᠳ ᠢ ᠭᠦᠳᠬᠡᠭᠰᠡᠨ ᠦᠢᠯᠡ ᠠᠵᠢᠯᠯᠠᠭ᠎ᠠ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠢᠵᠢᠭ ᠤᠨ ᠪᠠᠶᠢᠳᠠᠯ ᠢ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ᠂ ᠤᠯᠠᠨ ᠢᠶᠠᠷ ᠢᠶᠠᠨ ᠠᠷᠭ᠎ᠠ ᠪᠤᠳᠤᠯᠭ᠎ᠠ ᠠᠪᠴᠤ ᠤᠯᠠᠨ ᠢᠶᠠᠷ ᠢᠶᠠᠨ ᠵᠠᠰᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠲᠤᠭᠤᠷ ᠤᠨ ᠴᠡᠴᠡᠭ ᠮᠢᠷᠠᠯᠵᠠᠨ ᠳᠡᠯᠭᠡᠷᠡᠬᠦ ᠦᠶ᠎ᠡ ᠳᠤ᠂ ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠬᠠᠮᠲᠤ ᠪᠠᠷ ᠦᠵᠡᠬᠦ ᠪᠠᠷ ᠪᠣᠯᠵᠣᠶ᠎ᠠ︕      ᠳ᠋ᠠ ᠲᠥᠩ ᠶᠣᠣ ᠰᠢᠶᠠᠩ ᠤᠨ ᠰᠢᠨ ᠭᠤᠸᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ        ᠳ᠋ᠠ ᠲᠥᠩ ᠶᠣᠣ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ                         2022 ᠣᠨ ᠤ 11 ᠰᠠᠷ᠎ᠠ ᠶᠢᠨ 10᠎ ᠤ            ᠵᠣᠬᠢᠶᠠᠭᠴᠢ᠄ ᠳ᠋ᠠ ᠲᠦᠩ ᠶᠣᠣ ᠰᠢᠶᠠᠩ            ᠤᠷᠴᠢᠭᠤᠯᠤᠭᠴᠢ᠄ ᠨᠠᠷᠠᠰᠤ            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3