ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠠᠭᠤᠯᠵᠠᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠰᠠᠭᠤᠳᠠᠯ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠵᠡᠯᠲᠡ ᠪᠠᠨ ᠴᠢᠩ | ᠦᠨᠡᠨᠴᠢ ᠪᠠᠷ ᠭᠦᠨᠵᠡᠭᠡᠢ ᠰᠣᠯᠢᠯᠴᠠᠪᠠ ᠃ | ᠰᠢ ᠶᠢᠨ ᠫᠢᠩ ᠂ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠬᠤᠶᠠᠷ | ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠭᠦ ᠦᠭᠡᠢ ᠪᠥᠭᠡᠳ | ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ ᠦᠭᠡᠢ ᠶᠤᠮ ᠃ ᠳᠤᠮᠳᠠᠳᠤ ᠠᠮᠧᠷᠢᠺᠠ ᠬᠤᠶᠠᠷ | ᠲᠠᠯ᠎ᠠ ᠪᠠᠷ ᠢᠶᠠᠨ ᠲᠡᠦᠬᠡ ᠂ ᠳᠡᠯᠡᠬᠡᠢ ᠶᠢᠷᠲᠢᠨᠴᠦ ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠂ ᠰᠢᠨ᠎ᠡ ᠴᠠᠭ | ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠰᠦᠪᠡᠭᠴᠢᠯᠡᠵᠦ ᠂ ᠬᠤᠶᠠᠷ ᠤᠯᠤᠰ ᠤᠨ ᠬᠠᠷᠢᠯᠴᠠᠭᠠᠨ ᠤ | ᠬᠥᠭᠵᠢᠯᠲᠡ ᠶᠢᠨ ᠵᠥᠪ ᠴᠢᠭᠯᠡᠯ ᠢ ᠣᠯᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠷᠡᠭᠦᠯ ᠲᠣᠭᠲᠠᠭᠤᠨ | ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ ᠂ ᠬᠤᠶᠠᠷ ᠤᠯᠤᠰ ᠲᠤ ᠪᠤᠶᠠᠨ ᠦᠢᠯᠡᠳᠴᠦ ᠂ ᠳᠡᠯᠡᠬᠡᠢ | ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ ᠂ | ᠳᠤᠮᠳᠠᠳᠤ ᠤᠯᠤᠰ ᠤᠨ ᠨᠠᠮ ᠪᠣᠯᠣᠨ | ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠢᠯᠡ ᠲᠣᠳᠣ ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ ᠪᠣᠯᠣᠨ ᠲᠣᠭᠲᠠᠭᠤᠨ ᠴᠢᠨᠠᠷ ᠢ ᠪᠠᠲᠤᠯᠠᠵᠤ | ᠪᠠᠶᠢᠨ᠎ᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠪᠡᠶᠡᠯᠡᠭᠦᠯᠬᠦ ᠪᠠᠷ ᠦᠷᠭᠦᠯᠵᠢᠯᠡᠨ ᠵᠣᠷᠢᠯᠲᠠ ᠪᠠᠨ ᠪᠤᠯᠭᠠᠵᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠬᠢᠵᠦ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ | ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ ᠂ ᠢᠮᠠᠭᠲᠠ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ | ᠬᠤᠳᠠᠯ ᠢ ᠦᠨᠳᠦᠰᠦᠯᠡᠨ ᠥᠪᠡᠷ ᠤᠨ ᠵᠣᠭᠰᠣᠯᠲᠠ ᠪᠠ ᠣᠪᠣᠷ ᠢᠶᠠᠨ ᠲᠣᠭᠲᠠᠭᠠᠵᠤ ᠂ ᠶᠠᠷᠢᠯᠴᠠᠭ᠎ᠠ ᠬᠢᠵᠦ ᠵᠥᠪᠳᠡᠯᠴᠡᠬᠦ ᠂ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠰᠠᠨᠠᠭᠠᠴᠢᠯᠠᠵᠤ ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠦᠨ ᠥᠷᠭᠡᠳᠬᠡᠵᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ | ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠂ ᠨᠡᠭᠡᠭᠡᠯᠲᠡᠲᠤ ᠬᠥᠭᠵᠢᠯᠲᠡ ᠂ ᠬᠠᠮᠲᠤ ᠪᠠᠷ ᠠᠰᠢᠭ ᠭᠦᠷᠳᠡᠭᠦ | ᠬᠥᠭᠵᠢᠯᠲᠡ ᠶᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠣᠷᠣᠯᠴᠠᠭᠴᠢ ᠂ ᠠᠬᠢᠭᠤᠯᠤᠭᠴᠢ ᠪᠣᠯᠵᠤ ᠂ ᠡᠯ᠎ᠡ ᠤᠯᠤᠰ ᠲᠠᠢ ᠬᠠᠮᠲᠤ ᠪᠠᠷ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠡᠯᠡᠬᠡᠢ ᠳ᠋ᠠᠬᠢᠨ ᠶᠠᠭ ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ ᠂ ᠡᠯ᠎ᠡ ᠤᠯᠤᠰ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ ᠪᠠᠶᠢᠭ᠎ᠠ | ᠦᠭᠡᠢ ᠠᠵᠠ ᠲᠣᠭᠢᠶᠠᠯ ᠢ ᠠᠳᠬᠤᠬᠤ ᠴᠢᠬᠤᠯᠠᠲᠠᠢ ᠃ | ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠰᠢᠢᠳᠪᠦᠷᠢᠯᠡᠬᠦ ᠬᠡᠷᠡᠭᠲᠡᠢ ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ ᠂ ᠴᠢ ᠮᠠᠨᠳᠤᠪᠠᠯ ᠪᠢ ᠳᠣᠷᠣᠶᠢᠲᠠᠬᠤ | ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ ᠂ ᠳᠤᠮᠳᠠᠳᠤ ᠠᠮᠧᠷᠢᠺᠠ ᠲᠤᠰ ᠲᠤᠰ ᠲᠠᠭᠠᠨ ᠠᠮᠵᠢᠯᠲᠠ ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ ᠃ ᠥᠷᠭᠡᠨ ᠠᠭᠤᠳᠠᠮ ᠳᠡᠯᠡᠬᠡᠢ ᠶᠢᠨ | ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ ᠂ ᠬᠠᠮᠲᠤ ᠶᠢᠨ ᠴᠡᠴᠡᠭᠯᠡᠯ ᠢ ᠪᠦᠷᠢᠮᠦᠰᠦᠨ ᠪᠠᠭᠲᠠᠭᠠᠵᠤ ᠴᠢᠳᠠᠨ᠎ᠠ ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ ᠭᠠᠳᠠᠭᠠᠳᠤ ᠲᠦᠷᠦ ᠶᠢᠨ | ᠪᠣᠳᠣᠯᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠳᠤ ᠵᠥᠪ ᠢᠶᠠᠷ ᠬᠠᠨᠳᠤᠵᠤ ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ ᠨᠡᠶᠢᠯᠡᠪᠦᠷᠢ ᠶᠢᠨ ᠪᠤᠰᠤ ᠭᠦᠭ | ᠠᠶᠠᠰ ᠢ ᠲᠣᠭᠲᠠᠭᠠᠪᠠᠯ ᠵᠣᠬᠢᠨ᠎ᠠ ᠃ ᠪᠢ ᠶᠡᠷᠦᠩᠬᠡᠶᠢᠯᠡᠭᠴᠢ ᠠᠪᠤᠭᠠᠢ ᠶᠢᠨ ︽ ᠳᠥᠷᠪᠡ ᠶᠢ ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ ︾ ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠮᠳᠠᠳᠤ ᠤᠯᠤᠰ ᠶᠡᠷᠦ ᠠᠴᠠ ᠤᠳᠤ ᠶᠢᠨ | ᠤᠯᠠᠨ ᠤᠯᠤᠰ ᠤᠨ ᠡᠮᠬᠢ ᠳᠢᠭᠯᠢᠮ ᠢ ᠬᠤᠪᠢᠷᠠᠭᠤᠯᠬᠤ ᠶᠢ ᠡᠷᠢᠯᠬᠢᠯᠡᠬᠦ ᠦᠭᠡᠢ ᠂ ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ ᠣᠷᠣᠯᠠᠬᠤ ᠰᠠᠨᠠᠭ᠎ᠠ ᠦᠭᠡᠢ ᠶᠤᠮ ᠃ ᠬᠤᠶᠠᠷ | ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠵᠥᠪ ᠴᠢᠭᠯᠡᠯ ᠢᠶᠠᠷ ᠤᠷᠤᠭᠰᠢᠯᠠᠬᠤ ᠶᠢ | ᠬᠠᠮᠲᠤ ᠪᠠᠷ ᠪᠠᠲᠤᠯᠠᠵᠤ ᠂ ᠬᠡᠯᠪᠡᠶᠢᠬᠦ ᠦᠭᠡᠢ ᠂ ᠬᠤᠷᠳᠤᠴᠠ ᠠᠯᠳᠠᠬᠤ ᠦᠭᠡᠢ ᠂ ᠨᠡᠩ ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠣᠨ ᠳᠤᠮᠳᠠᠳᠤ ᠠᠮᠧᠷᠢᠺᠠ ᠶᠢᠨ ᠭᠤᠷᠪᠠᠨ | ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ ᠲᠠᠯ᠎ᠠ ᠪᠠᠷ ᠢᠶᠠᠨ ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ ᠮᠥᠨ ᠂ ᠪᠠᠰᠠ ᠴᠤ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠬᠠᠮᠤᠭ ᠤᠨ ᠴᠢᠬᠤᠯᠠ ᠰᠡᠷᠭᠡᠶᠢᠯᠡᠯᠲᠡ ᠪᠠ ᠠᠮᠤᠷ ᠲᠦᠪᠰᠢᠨ ᠤ ᠲᠣᠣᠷ ᠮᠥᠨ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ ᠵᠠᠷᠴᠢᠮ ᠵᠣᠭᠰᠣᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ ᠃ ᠰᠢ ᠶᠢᠨ ᠫᠢᠩ ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠤᠯᠤᠰ ᠤᠨ | ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠠᠪᠠᠵᠤ ᠪᠣᠯᠣᠰᠢ ᠦᠭᠡᠢ | ᠨᠢᠭᠡᠳᠦᠭᠡᠷ ᠤᠯᠠᠭᠠᠨ ᠱᠤᠭᠤᠮ ᠮᠥᠨ ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤᠴᠤᠳ ᠤᠨ ᠥᠪᠡᠷ ᠤᠨ ᠶᠠᠪᠤᠳᠠᠯ ᠮᠥᠨ ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ ᠃ ᠡᠬᠡ ᠤᠯᠤᠰ ᠤᠨ ᠨᠢᠭᠡᠳᠦᠯ ᠪᠠ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ ᠃ ᠶᠠᠮᠠᠷᠪᠠ ᠬᠥᠮᠥᠨ ᠲᠠᠶᠢᠸᠠᠨ ᠢ ᠳᠤᠮᠳᠠᠳᠤ ᠤᠯᠤᠰ ᠠᠴᠠ | ᠬᠠᠭᠠᠴᠠᠭᠤᠯᠤᠨ ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ ᠤᠯᠤᠰ ᠤᠨ ᠦᠨᠳᠦᠰᠦᠲᠡᠨ ᠤ ᠶᠡᠭᠡ ᠵᠢᠷᠤᠮ ᠠᠴᠠ ᠲᠡᠷᠰᠯᠡᠵᠦ ᠂ ᠳᠤᠮᠳᠠᠳᠤ ᠤᠯᠤᠰ ᠤᠨ ᠠᠷᠠᠳ ᠲᠦᠮᠡᠨ ᠶᠠᠭᠠᠬᠢᠭᠰᠠᠨ ᠴᠤ ᠵᠥᠪᠰᠢᠶᠡᠷᠡᠬᠦ ᠦᠭᠡᠢ ᠶᠤᠮ ︕ ᠪᠢᠳᠡ ᠲᠠᠶᠢᠸᠠᠨ | ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ ᠭᠦᠰᠡᠭᠦ ᠪᠥᠭᠡᠳ ᠢᠮᠠᠭᠲᠠ ᠪᠠᠲᠤᠯᠠᠬᠤ ᠪᠠᠷ ᠴᠢᠷᠮᠠᠶᠢᠵᠤ ᠪᠠᠶᠢᠨ᠎ᠠ ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ ᠲᠠᠶᠢᠸᠠᠨ ᠬᠤᠭᠤᠯᠠᠢ ᠶᠢᠨ ᠡᠩᠬᠡ ᠲᠠᠶᠢᠪᠤᠩ | ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ ᠃ ᠠᠮᠧᠷᠢᠺᠠ ᠶᠢᠨ ᠲᠠᠯ᠎ᠠ ᠶᠢᠨ ᠬᠢᠨ ᠤ ᠬᠡᠯᠡᠵᠦ ᠬᠢᠬᠦ ᠨᠢ ᠨᠢᠭᠡᠳᠦᠯᠲᠡᠢ ᠪᠠᠶᠢᠵᠤ ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ ᠳᠤᠮᠳᠠᠳᠤ ᠠᠮᠧᠷᠢᠺᠠ ᠶᠢᠨ ᠭᠤᠷᠪᠠᠨ | ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦᠶᠢᠯᠡᠨ ᠵᠢᠷᠤᠮᠯᠠᠬᠤ ᠶᠢ ᠬᠦᠰᠡᠵᠦ ᠪᠠᠶᠢᠨ᠎ᠠ ᠃ ᠶᠡᠷᠦᠩᠬᠡᠶᠢᠯᠡᠭᠴᠢ ᠠᠪᠤᠭᠠᠢ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠳᠡᠮᠵᠢᠭᠦ ᠦᠭᠡᠢ ᠂ ᠲᠠᠶᠢᠸᠠᠨ ᠢ ᠳᠤᠮᠳᠠᠳᠤ ᠤᠯᠤᠰ ᠲᠠᠢ ᠥᠷᠢᠰᠦᠯᠳᠦᠬᠦ | ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ ᠪᠠᠭᠠᠵᠢ ᠪᠤᠯᠭᠠᠬᠤ ᠰᠠᠨᠠᠭ᠎ᠠ ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ᠠᠮᠠᠯᠠᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠷᠬᠡ ᠴᠢᠯᠦᠭᠡ ᠂ ᠠᠷᠠᠳᠴᠢᠯᠠᠯ ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠥᠭᠡᠭᠡᠴᠡᠯᠳᠦᠯ ᠪᠤᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠶᠢᠨ ᠬᠥᠭᠡᠭᠡᠴᠡᠯᠳᠦᠯ ᠮᠥᠨ ᠃ | ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ ᠂ ᠳᠤᠮᠳᠠᠳᠤ ᠤᠯᠤᠰ ᠲᠤ ᠳᠤᠮᠳᠠᠳᠤ ᠤᠯᠤᠰ ᠤᠨ ᠮᠠᠶ᠋ᠢᠭ ᠤᠨ ᠠᠷᠠᠳᠴᠢᠯᠠᠯ ᠲᠠᠢ ᠂ ᠪᠦᠷ ᠲᠤᠰ ᠲᠤᠰ ᠤᠨ ᠤᠯᠤᠰ ᠤᠨ ᠬᠢᠨᠢ ᠪᠠᠶᠢᠳᠠᠯ ᠳᠤ ᠨᠡᠶᠢᠴᠡᠨ᠎ᠡ ᠃ ᠳᠤᠮᠳᠠᠳᠤ ᠤᠯᠤᠰ ᠤᠨ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠲᠡᠦᠬᠡ ᠰᠣᠶᠣᠯ ᠳᠤ ᠰᠠᠭᠤᠷᠢᠯᠠᠵᠤ ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ ᠣᠮᠣᠭᠰᠢᠵᠤ ᠪᠠᠶᠢᠨ᠎ᠠ ᠃ | ᠶᠠᠮᠠᠷᠪᠠ ᠤᠯᠤᠰ ᠤᠨ ᠠᠷᠠᠳᠴᠢᠯᠠᠯ ᠤᠨ | ᠳᠦᠷᠢᠮ ᠨᠢ ᠪᠦᠷ ᠬᠢᠵᠠᠭᠠᠯᠠᠰᠢ ᠦᠭᠡᠢ ᠪᠦᠷᠢᠨ ᠲᠡᠭᠦᠯᠳᠡᠷ ᠪᠠᠶᠢᠵᠤ ᠴᠢᠳᠠᠬᠤ ᠦᠭᠡᠢ ᠶᠤᠮ ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ ᠶᠤᠮ ᠃ ᠬᠤᠶᠠᠷ ᠲᠠᠯ᠎ᠠ ᠶᠢᠨ ᠬᠢᠨ ᠤ ᠳᠤᠮᠳᠠ ᠣᠷᠣᠰᠢᠵᠤ ᠪᠠᠶᠢᠭ᠎ᠠ ᠪᠣᠳᠠᠲᠠᠢ | ᠵᠥᠷᠢᠯᠳᠦᠭᠡᠨ ᠢ ᠰᠤᠳᠤᠯᠤᠨ ᠶᠠᠷᠢᠯᠴᠠᠵᠤ ᠪᠣᠯᠣᠨ᠎ᠠ ᠂ ᠡᠭᠦᠨ ᠤ ᠤᠷᠢᠲᠠᠯ ᠪᠣᠯ ᠡᠷᠬᠡ ᠲᠡᠭᠰᠢ ᠪᠠᠷ ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ ᠃ ︽ ᠠᠷᠠᠳᠴᠢᠯᠠᠯ ᠢᠶᠠᠷ ᠡᠷᠬᠡ ᠰᠦᠷ ᠢ ᠡᠰᠡᠷᠭᠦᠴᠡᠬᠦ ︾ ᠭᠡᠳᠡᠭ ᠨᠢ ᠣᠳᠣᠬᠠᠨ ᠤ ᠳᠡᠯᠡᠬᠡᠢ ᠳ᠋ᠠᠬᠢᠨ ᠤ | ᠣᠨᠴᠠᠯᠢᠭ ᠪᠢᠰᠢ ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠩ ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠮᠧᠷᠢᠺᠠ ᠬᠥᠷᠥᠩᠭᠡᠲᠦ ᠶᠣᠰᠣ ᠶᠢ ᠬᠡᠷᠡᠭᠵᠢᠭᠦᠯᠵᠦ ᠪᠠᠶᠢᠨ᠎ᠠ ᠂ ᠳᠤᠮᠳᠠᠳᠤ ᠤᠯᠤᠰ ᠨᠡᠶᠢᠭᠡᠮ ᠵᠢᠷᠤᠮ ᠢ ᠬᠡᠷᠡᠭᠵᠢᠭᠦᠯᠵᠦ ᠪᠠᠶᠢᠨ᠎ᠠ ᠂ ᠬᠤᠶᠠᠷ ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ ᠃ ᠡᠶᠢᠮᠦ ᠠᠳᠠᠯᠢ ᠪᠤᠰᠤ | ᠪᠠᠶᠢᠳᠠᠯ ᠥᠨᠥᠳᠥᠷ ᠰᠠᠶ᠋ᠢ ᠣᠷᠣᠰᠢᠵᠤ ᠪᠠᠶᠢᠭ᠎ᠠ ᠪᠢᠰᠢ ᠂ ᠬᠤᠶᠢᠰᠢᠳᠠ ᠪᠠᠰᠠ ᠦᠷᠭᠦᠯᠵᠢᠯᠡᠨ ᠣᠷᠣᠰᠢᠬᠤ ᠪᠣᠯᠣᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ 14 | ᠳ᠋ᠦᠩᠰᠢᠭᠤᠷ ᠠᠷᠠᠳ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠥᠭᠵᠢᠯᠲᠡ ᠪᠠ ᠲᠣᠭᠲᠠᠭᠤᠨ ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠳᠠᠬᠢ | ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ ᠠᠳᠠᠯᠢ ᠪᠤᠰᠤ ᠶᠢ ᠮᠡᠳᠡᠷᠡᠵᠦ ᠂ ᠡᠨᠡ ᠬᠦ ᠠᠳᠠᠯᠢ ᠪᠤᠰᠤ ᠶᠢ ᠭᠦᠨᠳᠦᠳᠭᠡᠵᠤ ᠂ ᠬᠠᠷᠢᠨ ᠨᠢᠭᠡ ᠯᠡ ᠠᠳᠠᠯᠢ ᠪᠤᠯᠭᠠᠬᠤ ᠪᠠᠷ ᠠᠯᠪᠠᠳᠠᠵᠤ ᠂ ᠴᠢᠨᠠᠭᠰᠢᠯᠠᠪᠠᠯ ᠨᠦᠭᠦᠭᠡ ᠡᠲᠡᠭᠡᠳ ᠤᠨ ᠢᠶᠠᠨ ᠪᠠᠶᠢᠭᠤᠯᠤᠯ ᠢ | ᠬᠤᠪᠢᠷᠠᠭᠤᠯᠬᠤ ᠪᠤᠶᠤ ᠨᠤᠷᠠᠭᠠᠬᠤ ᠪᠠᠷ ᠤᠷᠤᠯᠳᠤᠬᠤ ᠶᠠᠪᠤᠳᠠᠯ ᠪᠢᠰᠢ ᠶᠤᠮ ᠃ ᠠᠮᠧᠷᠢᠺᠠ ᠶᠢᠨ ᠬᠢᠨ ᠬᠤᠯᠪᠣᠭᠳᠠᠯ ᠪᠦᠬᠦᠢ ᠠᠮᠠᠯᠠᠯᠲᠠ ᠪᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠂ ᠬᠠᠷᠢᠨ ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ | ᠶᠠᠩᠵᠤ ᠪᠠᠶᠢᠵᠤ ᠪᠤᠯᠬᠤ ᠦᠭᠡᠢ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ ᠂ ᠨᠡᠶᠢᠭᠡᠮ ᠤᠨ ᠪᠠᠶᠢᠭᠤᠯᠤᠯ ᠂ ᠬᠥᠭᠵᠢᠯᠲᠡ ᠶᠢᠨ ᠵᠠᠮ ᠠᠳᠠᠯᠢ ᠪᠤᠰᠤ ᠬᠤᠶᠠᠷ ᠲᠣᠮᠣ ᠤᠯᠤᠰ ᠪᠣᠯᠣᠨ᠎ᠠ ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ ᠲᠠᠢ ᠂ ᠬᠤᠶᠢᠰᠢᠳᠠ ᠪᠠᠰᠠ | ᠪᠠᠶᠢᠬᠤ ᠶᠤᠮ ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ ᠥᠷᠢᠰᠦᠯᠳᠦᠭᠡᠨ ᠲᠠᠢ ᠂ ᠭᠡᠪᠡᠴᠦ | ᠥᠷᠢᠰᠦᠯᠳᠦᠭᠡᠨ ᠨᠢ ᠬᠠᠷᠢᠯᠴᠠᠨ ᠲᠣᠯᠢᠯᠠᠵᠤ ᠂ ᠴᠢᠷᠮᠠᠶᠢᠨ ᠥᠷᠢᠰᠦᠯᠳᠦᠵᠦ ᠂ ᠬᠠᠮᠲᠤ ᠪᠠᠷ ᠳᠠᠪᠰᠢᠬᠤ ᠠᠴᠠ ᠪᠢᠰᠢ ᠂ ᠬᠠᠷᠢᠨ ᠴᠢ ᠢᠯᠠᠭᠳᠠᠪᠠᠯ ᠪᠢ ᠢᠯᠠᠵᠤ ᠂ ᠦᠬᠦᠵᠦ ᠰᠡᠭᠡᠭᠦ ᠪᠠᠨ ᠦᠵᠡᠯᠴᠡᠬᠦ ᠶᠠᠪᠤᠳᠠᠯ ᠪᠢᠰᠢ ᠪᠠᠶᠢᠪᠠᠯ ᠵᠣᠬᠢᠨ᠎ᠠ ᠃ ᠳᠤᠮᠳᠠᠳᠤ | ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ ᠠᠯᠳᠠᠷᠲᠤ ᠤᠯᠠᠮᠵᠢᠯᠠᠯ ᠲᠠᠢ ᠂ ᠠᠯᠢᠪᠠ ᠳᠠᠷᠤᠯᠲᠠ ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠭ ᠪᠠ ᠬᠠᠯᠠᠭᠤᠨ ᠰᠡᠳᠬᠢᠯᠭᠡ ᠶᠢ ᠬᠥᠭᠵᠢᠭᠡᠳᠡᠭ ᠶᠤᠮ ᠃ | ᠠᠷᠠᠯᠵᠢᠶᠠᠨ ᠤ ᠲᠠᠶᠢᠨ ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠠᠶᠢᠨ ᠬᠢᠵᠦ ᠂ ᠵᠣᠷᠢᠭᠤᠳᠠ ︽ ᠬᠡᠷᠡᠮ ᠪᠣᠰᠬᠠᠨ ᠪᠠᠬᠢᠯᠡᠯᠲᠡ ᠪᠠᠶᠢᠭᠤᠯᠵᠤ ︾ ᠂ ᠠᠯᠪᠠ ᠪᠠᠷ ︽ ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠷᠴᠢᠮ ᠢ ᠪᠦᠷᠢᠮᠦᠰᠦᠨ | ᠵᠥᠷᠢᠴᠡᠵᠦ ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠡᠪᠳᠡᠵᠦ ᠂ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ ᠶᠤᠮ ᠃ ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠣᠯᠢᠯᠴᠠᠭ᠎ᠠ ᠶᠢ ᠤᠯᠤᠰ ᠲᠥᠷᠥᠴᠢᠯᠡᠬᠦ ᠂ ᠵᠡᠪᠰᠡᠭᠵᠢᠭᠦᠯᠬᠦ ᠶᠢ ᠡᠰᠡᠷᠭᠦᠴᠡᠨ᠎ᠡ ᠃ ᠣᠳᠣᠬᠠᠨ ᠤ ᠪᠠᠶᠢᠳᠠᠯ ᠳᠣᠣᠷ᠎ᠠ ᠂ ᠳᠤᠮᠳᠠᠳᠤ ᠠᠮᠧᠷᠢᠺᠠ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠂ ᠬᠠᠷᠢᠨ ᠨᠡᠩ ᠤᠯᠠᠨ ᠪᠣᠯᠪᠠ ᠃ | ᠳᠤᠮᠳᠠᠳᠤ ᠠᠮᠧᠷᠢᠺᠠ ᠮᠥᠷᠭᠦᠯᠳᠦᠬᠦ ᠦᠭᠡᠢ ᠂ | ᠡᠰᠡᠷᠭᠦᠴᠡᠯᠳᠦᠬᠦ ᠦᠭᠡᠢ ᠂ ᠨᠠᠶᠢᠷᠠᠮᠳᠠᠯ ᠢᠶᠠᠷ | ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ ᠬᠠᠮᠤᠭ ᠤᠨ ᠦᠨᠳᠦᠰᠦᠨ ᠬᠠᠮᠲᠤ ᠶᠢᠨ ᠠᠰᠢᠭ ᠲᠤᠰᠠ ᠪᠣᠯᠣᠨ᠎ᠠ ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ ᠂ ᠰᠢᠨ᠎ᠡ ᠬᠥᠭᠵᠢᠯᠲᠡ ᠶᠢᠨ ᠡᠭᠦᠷᠭᠡ ᠳᠤ | ᠲᠤᠯᠭᠠᠷᠠᠵᠤ ᠂ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠭᠦᠷᠳᠡᠭᠦ ᠴᠢᠬᠤᠯᠠᠲᠠᠢ ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ ᠃ ᠪᠦᠭᠦ ᠪᠥᠮᠪᠥᠷᠴᠡᠭ ᠤᠨ ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ ᠂ | ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠤᠯᠬᠤ | ᠶᠤᠮ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭ ᠬᠦᠷᠲᠡᠵᠦ ᠂ ᠶᠡᠭᠡ ᠲᠠᠯ᠎ᠠ ᠶᠢ ᠪᠣᠳᠣᠯᠬᠢᠯᠠᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ | ᠪᠣᠯᠣᠨ ᠲᠣᠭᠲᠠᠭᠤᠨ ᠬᠠᠷᠢᠴᠠᠭ᠎ᠠ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠪᠠᠶᠢᠳᠧᠨ ᠂ ᠪᠢ ᠲᠡᠷᠢᠭᠦᠯᠡᠭᠴᠢ ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ ᠂ ᠪᠠᠶᠢᠩᠭᠤ ᠶᠢᠨ ᠴᠢᠨᠠᠷᠲᠠᠢ ᠣᠯᠣᠯᠴᠠᠭ᠎ᠠ ᠪᠠᠨ ᠪᠠᠲᠤᠯᠠᠵᠤ ᠪᠠᠶᠢᠨ᠎ᠠ ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ ᠠᠭᠤᠯᠵᠠᠯᠲᠠ ᠶᠢ ᠣᠷᠣᠯᠠᠵᠤ ᠴᠢᠳᠠᠬᠤ | ᠦᠭᠡᠢ ᠶᠤᠮ ᠃ ᠲᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠴᠢᠨᠢ ᠪᠠᠶᠠᠷ ᠬᠦᠷᠭᠡᠵᠦ ᠪᠠᠶᠢᠨ᠎ᠠ ᠃ ᠠᠮᠧᠷᠢᠺᠠ ᠳᠤᠮᠳᠠᠳᠤ ᠬᠤᠶᠠᠷ ᠲᠣᠮᠣ ᠤᠯᠤᠰ ᠪᠣᠯᠤᠭᠰᠠᠨ ᠤ | ᠬᠤᠪᠢ ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠬᠠᠷᠢᠭᠤᠴᠠᠯᠭ᠎ᠠ ᠲᠠᠢ ᠶᠤᠮ ᠃ ᠠᠮᠧᠷᠢᠺᠠ ᠶᠢᠨ ᠬᠢᠨ ᠬᠤᠶᠠᠷ ᠤᠯᠤᠰ ᠤᠨ ᠲᠡᠷᠢᠭᠦᠨ ᠵᠢᠴᠢ ᠵᠠᠰᠠᠭ ᠤᠨ ᠣᠷᠳᠣᠨ ᠤ ᠡᠯ᠎ᠡ ᠲᠡᠰ ᠳᠠᠪᠬᠤᠷᠭ᠎ᠠ ᠶᠢᠨ ᠣᠯᠣᠯᠴᠠᠭ᠎ᠠ ᠶᠢᠨ ᠵᠠᠮ ᠢ ᠰᠠᠭᠠᠳ | ᠦᠭᠡᠢ ᠨᠡᠪᠲᠡᠷᠡᠭᠦᠯᠬᠦ ᠪᠠᠷ ᠴᠢᠷᠮᠠᠶᠢᠵᠤ ᠂ ᠬᠤᠶᠠᠷ ᠲᠠᠯ᠎ᠠ ᠶᠢᠨ ᠵᠥᠷᠢᠯᠳᠦᠭᠡᠨ ᠲᠠᠢ ᠪᠠᠶᠢᠬᠤ ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠴᠢᠬᠤᠯᠠ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ ᠃ ᠡᠨᠡ ᠨᠢ ᠠᠮᠧᠷᠢᠺᠠ ᠳᠤᠮᠳᠠᠳᠤ ᠬᠤᠶᠠᠷ ᠤᠯᠤᠰ | ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠲᠤᠶᠢᠯ ᠤᠨ ᠴᠢᠬᠤᠯᠠ ᠪᠥᠭᠡᠳ ᠪᠦᠭᠦ ᠳᠡᠯᠡᠬᠡᠢ ᠳᠤ ᠴᠦ ᠲᠤᠶᠢᠯ ᠤᠨ ᠴᠢᠬᠤᠯᠠ ᠶᠤᠮ ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ | ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ ᠃ ᠠᠮᠧᠷᠢᠺᠠ ᠳᠤᠮᠳᠠᠳᠤ ᠤᠯᠤᠰ ᠤᠨ ᠪᠠᠶᠢᠭᠤᠯᠤᠮᠵᠢ ᠶᠢ ᠭᠦᠨᠳᠦᠳᠭᠡᠵᠦ ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ ᠡᠷᠢᠯᠬᠢᠯᠡᠬᠦ ᠦᠭᠡᠢ ᠂ ︽ ᠰᠢᠨ᠎ᠡ ᠬᠦᠢᠲᠡᠨ | ᠲᠠᠶᠢᠨ ︾ ᠢ ᠡᠷᠢᠯᠬᠢᠯᠡᠬᠦ ᠦᠭᠡᠢ ᠂ ᠬᠤᠯᠪᠣᠭᠠᠨ ᠤ ᠬᠠᠨᠢᠲᠠᠨ ᠤ ᠬᠠᠷᠢᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ ᠂ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠳᠡᠮᠵᠢᠭᠦ ᠦᠭᠡᠢ ᠂ | ︽ ᠬᠤᠶᠠᠷ ᠳᠤᠮᠳᠠᠳᠤ ᠤᠯᠤᠰ ︾ ᠂ ︽ ᠨᠢᠭᠡ | ᠳᠤᠮᠳᠠᠳᠤ ᠤᠯᠤᠰ ᠨᠢᠭᠡ ᠲᠠᠶᠢᠸᠠᠨ ︾ ᠢ ᠴᠤ ᠳᠡᠮᠵᠢᠭᠦ ᠦᠭᠡᠢ ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ ᠃ ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ ᠬᠠᠷᠢᠯᠴᠠᠭ᠎ᠠ ᠪᠠᠨ ᠲᠠᠰᠤᠯᠬᠤ ︾ ᠰᠠᠨᠠᠭ᠎ᠠ ᠦᠭᠡᠢ ᠂ | ᠳᠤᠮᠳᠠᠳᠤ ᠤᠯᠤᠰ ᠤᠨ ᠠᠵᠤ ᠠᠬᠤᠢ ᠶᠢᠨ | ᠬᠥᠭᠵᠢᠯᠲᠡ ᠶᠢ ᠬᠠᠷᠰᠢᠯᠠᠬᠤ ᠰᠠᠨᠠᠭ᠎ᠠ ᠦᠭᠡᠢ ᠂ ᠳᠤᠮᠳᠠᠳᠤ ᠤᠯᠤᠰ ᠢ ᠪᠦᠰᠡᠯᠡᠵᠦ ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ ᠃ | ᠪᠠᠶᠢᠳᠧᠨ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ ᠲᠤᠶᠢᠯ ᠤᠨ ᠴᠢᠬᠤᠯᠠ ᠶᠤᠮ ᠃ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ ᠂ ᠠᠮᠧᠷᠢᠺᠠ ᠳᠤᠮᠳᠠᠳᠤ ᠵᠥᠷᠢᠯᠳᠦᠭᠡᠨ ᠢᠶᠠᠨ | ᠬᠠᠮᠢᠶᠠᠷᠤᠨ ᠡᠵᠡᠮᠳᠡᠵᠦ ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ ᠬᠤᠷᠴᠠ ᠰᠢᠷᠦᠭᠦᠨ ᠥᠷᠢᠰᠦᠯᠳᠦᠭᠡᠨ ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠪᠠ ᠰᠡᠷᠭᠡᠶᠢᠯᠡᠵᠦ ᠴᠢᠳᠠᠬᠤ ᠶᠢ | ᠳᠡᠯᠡᠬᠡᠢ ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ ᠶᠤᠮ ᠃ ᠠᠮᠧᠷᠢᠺᠠ ᠶᠢᠨ ᠬᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠵᠢᠯᠤᠭᠤᠳᠬᠤ ᠵᠠᠷᠴᠢᠮ ᠢ ᠲᠣᠭᠲᠠᠭᠠᠪᠠᠯ ᠵᠣᠬᠢᠬᠤ ᠶᠢ ᠵᠥᠪᠰᠢᠶᠡᠷᠡᠵᠦ ᠪᠠᠶᠢᠨ᠎ᠠ ᠂ ᠬᠤᠶᠠᠷ ᠲᠠᠯ᠎ᠠ ᠶᠢᠨ | ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ ᠶᠠᠷᠢᠯᠴᠠᠵᠤ ᠂ ᠡᠷᠲᠡᠬᠡᠨ ᠰᠠᠨᠠᠯ ᠨᠢᠭᠡᠳᠭᠦ ᠪᠠᠷ ᠴᠢᠷᠮᠠᠶᠢᠪᠠᠯ ᠵᠣᠬᠢᠨ᠎ᠠ ᠃ ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ ᠳᠤᠮᠳᠠᠳᠤ ᠤᠯᠤᠰ ᠢ ᠬᠤᠷᠢᠭᠯᠠᠬᠤ ᠶᠢ ᠡᠷᠢᠯᠬᠢᠯᠡᠬᠦ ᠦᠭᠡᠢ ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠣᠯᠵᠤ ᠬᠠᠷᠠᠬᠤ ᠶᠢ ᠬᠦᠰᠡᠵᠦ | ᠪᠠᠶᠢᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠪᠦᠯᠭᠦᠮ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ ᠂ ᠪᠠᠶᠢᠩᠭᠤ ᠶᠢᠨ ᠴᠢᠨᠠᠷᠲᠠᠢ ᠵᠥᠪᠳᠡᠯᠴᠡᠭᠡ ᠬᠢᠬᠦ ᠶᠢ ᠵᠥᠪᠰᠢᠶᠡᠷᠡᠪᠡ ᠃ ᠬᠤᠶᠠᠷ ᠤᠯᠤᠰ ᠤᠨ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠦᠯᠭᠦᠮ ᠤᠨ ᠬᠢᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠶᠢ ᠵᠥᠪᠰᠢᠶᠡᠷᠡᠪᠡ ᠃ ︽ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ ︾ ᠶᠢᠨ ᠬᠤᠷᠢᠨ ᠳᠣᠯᠣᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ ᠠᠮᠵᠢᠯᠲᠠ ᠣᠯᠬᠤ ᠶᠢ ᠬᠠᠮᠲᠤ ᠪᠠᠷ | ᠴᠢᠷᠮᠠᠶᠢᠨ ᠠᠬᠢᠭᠤᠯᠬᠤ ᠶᠢ ᠵᠥᠪᠰᠢᠶᠡᠷᠡᠪᠡ ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠬᠥᠳᠡᠭᠡ ᠠᠵᠤ ᠠᠬᠤᠢ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠶᠠᠷᠢᠯᠴᠠᠭ᠎ᠠ ᠬᠠᠮᠲᠤᠷᠠᠯᠴᠠᠭ᠎ᠠ | ᠥᠷᠨᠢᠭᠦᠯᠬᠦ ᠲᠤᠬᠠᠢ ᠰᠠᠨᠠᠯ ᠨᠢᠭᠡᠳᠪᠡ ᠃ ᠳᠤᠮᠳᠠᠳᠤ ᠠᠮᠧᠷᠢᠺᠠ ᠶᠢᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ ᠂ ᠨᠡᠩ ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ ᠃ ᠳᠤᠮᠳᠠᠳᠤ | ᠠᠮᠧᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠲᠤᠶᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠮᠥᠰ ᠤᠨ ᠶᠠᠪᠤᠯᠴᠠᠭ᠎ᠠ ᠶᠢ ᠥᠷᠭᠡᠳᠬᠡᠬᠦ ᠶᠢ ᠵᠣᠷᠢᠭᠵᠢᠭᠤᠯᠪᠠ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ ᠂ ᠳᠤᠮᠳᠠᠳᠤ ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ ᠃ | ᠬᠢᠮᠤᠷᠠᠯ ᠡᠭᠦᠰᠦᠭᠰᠡᠨ ᠤ ᠲᠠᠷᠠᠭ᠎ᠠ ᠂ ᠪᠢ ︽ | ᠲᠦᠷᠪᠡᠨ ᠡᠷᠬᠡᠪᠰᠢ ︾ ᠶᠢ ᠳᠤᠷᠠᠳᠤᠭᠰᠠᠨ | ᠪᠥᠭᠡᠳ ᠲᠦᠷᠦᠭᠦᠬᠡᠨ ᠪᠠᠰᠠ ︽ ᠲᠦᠷᠪᠡᠨ ᠬᠠᠮᠲᠤ ᠪᠠᠷ ︾ ᠢ ᠳᠤᠷᠠᠳᠤᠭᠰᠠᠨ ᠶᠤᠮ ᠃ ᠦᠺᠷᠠᠶᠢᠨ ᠤ ᠬᠢᠮᠤᠷᠠᠯ ᠮᠡᠲᠦ ᠶᠢᠨ ᠪᠦᠭᠦ ᠪᠥᠮᠪᠥᠷᠴᠡᠭ ᠤᠨ ᠴᠢᠨᠠᠷᠲᠠᠢ ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ ᠂ ᠡᠶᠢᠮᠦ ᠬᠡᠳᠦᠨ ᠵᠦᠢᠯ ᠢ ᠬᠢᠨᠠᠮᠠᠭᠠᠢ | ᠪᠣᠳᠣᠯᠬᠢᠯᠠᠭᠤᠰᠢᠲᠠᠢ ᠪᠠᠶᠢᠨ᠎ᠠ ᠄ ᠨᠢᠭᠡ ᠳᠤ ᠂ ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ; ᠬᠤᠶᠠᠷ ᠲᠤ ᠂ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; ᠭᠤᠷᠪᠠ ᠳᠤ ᠂ ᠲᠣᠮᠣ ᠤᠯᠤᠰ ᠤᠳ ᠤᠨ | ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ ᠃ ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠤᠨ ᠲᠠᠯ᠎ᠠ ᠳᠤ ᠵᠣᠭᠰᠣᠵᠤ ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠤᠨ᠎ᠠ ᠂ ᠤᠷᠤᠰ ᠦᠺᠷᠠᠶᠢᠨ ᠬᠤᠶᠠᠷ | ᠲᠠᠯ᠎ᠠ ᠶᠢᠨ ᠨᠠᠶᠢᠷᠠᠮᠳᠠᠯ ᠤᠨ ᠬᠡᠯᠡᠯᠴᠡᠭᠡ ᠪᠠᠨ ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ ᠂ ᠤᠮᠠᠷᠠᠲᠤ ᠠᠲᠯᠠᠨᠲ ᠲᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠤᠷᠤᠰ ᠯᠤᠭ᠎ᠠ | ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠬᠤᠶᠠᠷ ᠤᠯᠤᠰ ᠤᠨ ᠲᠡᠷᠢᠭᠦᠨ ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠶᠤᠮ ᠭᠡᠵᠦ ᠦᠵᠡᠵᠦ ᠂ ᠬᠤᠶᠠᠷ ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ | ᠴᠢᠬᠤᠯᠠ ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ ᠨᠠᠶᠢᠳᠠᠪᠤᠷᠢᠵᠢᠭᠤᠯᠵᠤ ᠂ ᠦᠨᠡᠨ ᠪᠣᠳᠠᠲᠠᠢ ᠠᠵᠢᠯᠯᠠᠭ᠎ᠠ ᠠᠪᠴᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ ᠵᠠᠮ ᠳᠠᠭᠠᠨ ᠲᠠᠭᠢᠨ ᠪᠤᠴᠠᠬᠤ ᠶᠢ | ᠠᠬᠢᠭᠤᠯᠬᠤ ᠪᠠᠷ ᠱᠠᠭᠠᠷᠳᠠᠪᠠ ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ ᠃ | ᠳ᠋ᠢᠩ ᠰᠢᠤᠸᠠᠢ ᠰᠢᠶᠠᠩ ᠂ ᠸᠠᠩ ᠢ ᠂ ᠾᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ ᠃ | | |