ᠯᠢ ᠺᠠᠶ ᠳ᠋ᠦᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠲᠥᠯᠥᠪᠵᠢᠭᠦᠯᠭᠡ᠂ ᠲᠥᠷᠥᠯ ᠵᠤᠶᠢᠯ ᠤᠨ ᠨᠥᠭᠡᠴᠡ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠡᠷᠭᠡ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/11/21
     11 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠪᠦᠯᠬᠦᠮᠳᠡᠯ ᠰᠢᠶᠠᠩ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠲᠥᠯᠥᠪᠵᠢᠭᠦᠯᠭᠡ᠂ ᠠᠵᠤ ᠤᠶᠢᠯᠡᠰ ᠤᠨ ᠬᠥᠭᠵᠢᠯᠲᠡ ᠶᠢᠨ ᠰᠡᠳᠬᠢᠴᠡ᠂ ᠢᠷᠡᠬᠦ ᠵᠢᠯ ᠤᠨ ᠲᠥᠷᠥᠯ ᠵᠤᠶᠢᠯ ᠤᠨ ᠨᠥᠭᠡᠴᠡ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠡᠷᠭᠡ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠺᠠᠢ ᠳ᠋ᠦᠩ ᠪᠦᠯᠬᠦᠮᠳᠡᠯ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠤ ᠳᠠᠷᠠᠭᠠᠬᠢ ᠦᠨᠡᠯᠡᠯᠲᠡ ᠶᠢᠨ ᠪᠡᠯᠡᠳᠬᠡᠯ ᠠᠵᠢᠯ᠂ ᠬᠥᠳᠡᠭᠡ ᠲᠣᠰᠬᠤᠨ ᠤ ᠲᠥᠯᠥᠪᠵᠢᠭᠦᠯᠭᠡ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ᠂ ᠢᠷᠡᠬᠦ ᠵᠢᠯ ᠤᠨ ᠲᠦᠷᠦᠯ ᠵᠦᠢᠯ ᠤᠨ ᠨᠥᠭᠡᠴᠡ ᠵᠢᠴᠢ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠭᠰᠠᠨ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠡᠭᠦᠨ ᠤ ᠭᠤᠣᠯ ᠠᠭᠤᠯᠭ᠎ᠠ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠡᠵᠡᠮᠰᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠠᠵᠢᠯ ᠢ ᠳᠥᠯᠭᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃
         ᠯᠢ ᠺᠠᠢ ᠳ᠋ᠦᠩ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠨᠡᠨ ᠠᠴᠠ ᠵᠥᠪ ᠢ ᠡᠷᠢᠵᠦ᠂ ᠬᠤᠶᠢᠰᠢᠳᠠ ᠶᠢᠨ ᠦᠨᠡᠯᠡᠯᠲᠡ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠬᠢᠵᠢᠭᠦᠯᠵᠦ᠂ ᠰᠠᠶᠢᠲᠤᠷ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠴᠢᠳᠠᠪᠤᠷᠢ ᠪᠠ  ᠤᠶᠢᠯᠡᠳᠤᠯ ᠢᠶᠠᠨ ᠭᠦᠢᠴᠡᠳ ᠪᠠᠳᠠᠷᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢ ᠪᠣᠯᠭᠠᠵᠤ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠰᠢᠨ᠎ᠡ ᠵᠠᠭᠪᠤᠷ ᠢ ᠬᠠᠮᠲᠤᠪᠠᠷ ᠬᠠᠶᠢᠨ ᠰᠦᠪᠡᠭᠴᠢᠯᠡᠵᠦ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠪᠥᠬᠦ ᠲᠠᠯ᠎ᠠ ᠪᠠᠷ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠯᠢ ᠺᠠᠢ ᠳ᠋ᠦᠩ ᠱᠠᠭᠠᠷᠳᠠᠭᠰᠠᠨ ᠨᠢ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ ᠶᠢ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠳᠡᠭᠡ ᠲᠣᠰᠬᠤᠨ ᠤ ᠡᠬᠢ ᠪᠠᠶᠠᠯᠢᠭ ᠢ ᠴᠢᠨᠠᠭᠰᠢᠳᠠ ᠠᠭᠤᠳᠠᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠡᠯᠡᠭᠦᠴᠡᠯ ᠤᠨ ᠲᠠᠷᠢᠶᠠᠯᠠᠩ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ ᠵᠡᠷᠭᠡ ᠤᠯᠠᠨ ᠡᠰᠢᠴᠢᠯᠡᠭᠰᠡᠨ ᠠᠵᠤ ᠦᠢᠯᠡᠰ ᠤᠨ ᠬᠥᠭᠵᠢᠯᠲᠡ ᠶᠢ ᠴᠣᠭᠴᠠᠯᠠᠬᠤ ᠬᠡᠷᠡᠭᠲᠡᠢ︔ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠤᠰᠤ ᠬᠠᠩᠭᠠᠬᠤ ᠤᠰᠤ ᠵᠠᠯᠠᠬᠤ ᠶᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠪᠠᠬᠢᠵᠢᠭᠦᠯᠵᠦ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠥᠲᠥᠭᠡᠨ ᠪᠠᠶᠢᠭᠤᠯᠬᠤ ᠬᠡᠷᠡᠭᠲᠡᠶ᠃ ᠣᠳᠣᠬᠠᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠰᠢᠭᠲᠠᠢ ᠠᠵᠠ ᠲᠣᠬᠢᠶᠠᠯ ᠢ ᠠᠮᠵᠢᠵᠤ᠂ ᠤᠷᠢᠳᠴᠢᠯᠠᠨ ᠪᠣᠳᠣᠯᠬᠢᠯᠠᠵᠤ᠂ ᠤᠨᠢᠨ ᠳᠡᠭᠡᠷ᠎ᠡ ᠨᠢ ᠵᠣᠯᠭᠠᠭᠤᠯᠵᠤ᠂ ᠤᠷᠢᠳᠴᠢᠯᠠᠨ ᠲᠥᠯᠥᠪᠵᠢᠭᠦᠯᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠲᠦᠷᠦᠯ ᠵᠦᠢᠯ ᠢ ᠰᠢᠨ᠎ᠡ ᠪᠠᠷ ᠡᠭᠦᠳᠴᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3