ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ | ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠦᠨᠡᠨᠬᠦ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠨᠡᠶᠢᠰᠯᠡᠯ ᠳᠤ ᠬᠠᠨᠳᠤᠭᠤᠯᠤᠭᠰᠠᠨ ︽ᠲᠤᠮᠤ ᠨᠣᠭᠤᠭᠠᠨ ᠤ ᠬᠦᠷᠢᠶᠡᠯᠡᠩ︾ ᠪᠣᠯᠤᠨ | ︽ᠠᠷᠤ ᠲᠠᠯ᠎ᠠ ᠶᠢᠨ ᠴᠡᠴᠡᠷᠯᠢᠭ︾ ᠢ ᠬᠦᠴᠦᠯᠡᠨ ᠪᠠᠶᠢᠭᠤᠯᠵᠠᠢ᠃ ᠰᠢᠩ ᠡᡁᠧ ᠰᠢᠶᠠᠨ ᠤ ᠴᠠᠢ ᠨᠠᠭᠤᠷ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠲᠤᠬᠠᠢ ᠶᠢᠨ ᠭᠠᠵᠠᠷ ᠤᠨ ᠲᠠᠭᠠᠭᠤᠯᠤᠭᠴᠢ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠤ ᠴᠠᠷ ᠨᠠᠭᠤᠷ ᠤᠨ | ᠪᠠᠶᠢᠭᠠᠯᠢ ᠶᠢᠨ ᠡᠬᠢ ᠪᠠᠶᠠᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ︽ᠲᠠᠷᠢᠶᠠᠯᠠᠩ ᠵᠤᠭᠠᠴᠠᠯ ᠢ | ᠤᠶᠠᠯᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ ᠡᠷᠬᠢᠯᠳᠡᠳᠦ ᠬᠥᠭᠵᠢᠯᠲᠡ ᠶᠢᠨ ᠵᠠᠭᠪᠤᠷ ᠢᠶᠠᠷ | ᠨᠡᠶᠢᠰᠯᠡᠯ ᠳᠤ ᠬᠠᠨᠳᠤᠭᠤᠯᠤᠭᠰᠠᠨ ᠠᠮᠢ ᠠᠬᠤᠢ ᠶᠢᠨ ᠵᠤᠭᠠᠴᠠᠯ᠂ ᠲᠥᠪ ᠲᠣᠭᠤᠭᠠᠨ ᠭᠡᠷ᠂ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ | ᠴᠣᠭᠴᠠᠯᠠᠨ ᠪᠠᠶᠢᠭᠤᠯᠤᠨ᠎ᠠ᠃ | | | ᠴᠠᠷ ᠨᠠᠭᠤᠷ ᠤᠨ ᠲᠠᠷᠢᠶᠠᠯᠠᠩ ᠤᠨ ᠲᠠᠯᠠᠪᠠᠶ ᠶᠢᠨ ᠢᠳᠡᠰᠢᠨ ᠨᠣᠭᠤᠭᠠᠨ ᠤ ᠬᠦᠯᠡᠮᠵᠢ ᠳᠤ᠂ ᠪᠣᠯᠪᠠᠰᠤᠷᠠᠭᠰᠠᠨ | ᠲᠥᠪᠡᠳ ᠬᠠᠰᠢ ᠨᠤᠭᠤᠳ ᠢ ᠰᠠᠯᠠᠭ᠎ᠠ ᠨᠠᠮᠠᠭ᠎ᠠ ᠪᠠᠷ ᠳᠦᠭᠦᠷᠲᠡᠯ᠎ᠡ ᠡᠯᠭᠦᠵᠦ᠂ ᠬᠡᠰᠡᠭ ᠬᠡᠰᠡᠭ ᠨᠣᠭᠤᠭ᠎ᠠ ᠬᠥᠮᠦᠰ ᠤᠨ | ᠪᠠᠭ᠋ᠠᠷᠬᠠᠯ ᠢ ᠲᠠᠲᠠᠵᠤ᠂ ᠴᠠᠯᠬᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠳ ᠡᠯ᠎ᠡ | ᠲᠦᠷᠦᠯ ᠤᠨ ᠣᠷᠭᠠᠨᠢᠭ ᠢᠳᠡᠰᠢᠨ ᠨᠣᠭᠤᠭ᠎ᠠ ᠶᠢ ᠲᠡᠭᠦᠬᠦ ᠪᠠᠷ ᠶᠠᠭᠠᠷᠠᠯᠳᠤᠵᠤ᠂ ᠢᠯᠭᠠᠬᠤ᠂ ᠵᠢᠩᠯᠡᠬᠦ᠂ ᠪᠣᠭᠤᠳᠠᠯᠯᠠᠬᠤ᠂ | ᠲᠡᠷᠭᠡᠨ ᠳᠤ ᠲᠡᠭᠡᠭᠡᠬᠦ ᠠᠯᠢ ᠤᠯᠠᠨ ᠶᠠᠪᠤᠴᠠ ᠶᠢ ᠥᠩᠭᠡᠷᠡᠭᠡᠵᠦ᠂ ᠰᠢᠨ᠎ᠡ ᠰᠣᠷᠭᠤᠭ ᠪᠣᠬᠢᠷᠲᠤᠯ ᠦᠭᠡᠢ ᠣᠷᠭᠠᠨᠢᠭ ᠢᠳᠡᠰᠢᠨ | ᠨᠣᠭᠤᠭ᠎ᠠ ᠶᠢ ᠪᠡᠭᠡᠵᠢᠩ᠂ ᠬᠥᠬᠡᠬᠤᠲᠠ ᠵᠡᠷᠭᠡ ᠭᠠᠵᠠᠷ ᠤᠨ ᠳᠡᠭᠡᠳᠦ ᠲᠡᠰ ᠤᠨ ᠵᠠᠬ᠎ᠠ ᠳᠡᠯᠭᠡᠭᠦᠷ ᠲᠤ ᠬᠦᠷᠭᠡᠵᠦ ᠪᠠᠶᠢᠨ᠎ᠠ᠃ | ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠷᠣᠨ ᠪᠦᠰᠡ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢᠨ ᠠᠴᠢ ᠪᠠᠷ ᠰᠢᠩ ᠾᠧ ᠶᠢᠨ ᠪᠣᠬᠢᠷᠲᠤᠯ ᠥᠬᠡᠶ ᠣᠷᠭᠠᠨᠢᠭ ᠢᠳᠡᠰᠢᠨ | ᠨᠣᠭᠤᠭ᠎ᠠ᠂ ᠨᠤᠲᠤᠭ ᠤᠨ ᠣᠨᠴᠠ ᠭᠠᠷᠤᠯᠲᠠ ᠪᠡᠭᠡᠵᠢᠩ ᠳᠤ ᠮᠠᠰᠢ ᠰᠠᠶᠢᠨ ᠪᠣᠷᠣᠯᠠᠭᠤᠯᠤᠭᠳᠠᠵᠤ ᠪᠠᠶᠢᠨ᠎ᠠ᠃ | | | ᠰᠢᠩ ᠡᡁᠧ ᠰᠢᠶᠠᠨ ᠤ ᠴᠠᠢ ᠨᠠᠭᠤᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠮᠢ ᠠᠬᠤᠢ ᠶᠢᠨ | ᠥᠨᠳᠥᠷ ᠦᠷ᠎ᠡ ᠠᠰᠢᠭ ᠲᠠᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠣᠷᠭᠠᠨᠢᠭ ᠢᠳᠡᠰᠢᠨ ᠨᠣᠭᠤᠭ᠎ᠠ | ᠲᠠᠷᠢᠬᠤ᠂ ᠣᠨᠴᠠ ᠲᠦᠷᠦᠯ ᠤᠨ ᠲᠠᠷᠠᠬᠠᠢ ᠲᠡᠵᠢᠭᠡᠯ᠂ ᠲᠥᠪ ᠤᠨ ᠲᠣᠭᠤᠭᠠᠨ ᠭᠡᠷ᠂ ᠪᠣᠬᠢᠷᠲᠤᠯ ᠦᠭᠡᠢ ᠲᠠᠷᠢᠶᠠᠯᠠᠩ ᠮᠠᠯ | ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠵᠦ ᠡᠳ᠋ ᠪᠠᠷᠠᠭᠠᠨ ᠤ ᠭᠦᠢᠯᠭᠡᠭᠡ ᠪᠠᠷ ᠲᠤᠬᠢᠷᠠᠭᠤᠯᠤᠨ ᠬᠦᠷᠭᠡᠬᠦ᠂ ᠠᠮᠢ | ᠠᠬᠤᠢ ᠶᠢᠨ ᠵᠤᠭᠠᠴᠠᠯ᠂ ᠲᠠᠷᠢᠶᠠᠯᠠᠭ᠎ᠠ ᠶᠢᠨ ᠥᠩᠭᠡᠷᠡᠯᠲᠡ ᠵᠡᠷᠭᠡ ᠶᠢ ᠨᠢᠭᠡ ᠴᠤᠬᠴᠠᠵᠢᠭᠤᠯᠤᠬᠰᠠᠨ ᠪᠠᠶᠢᠨ᠎ᠠ᠂ ᠡᠭᠦᠨ ᠳᠤ᠂ | ᠲᠡᠵᠢᠭᠡᠨ ᠦᠷᠡᠵᠢᠭᠦᠯᠬᠦ ᠰᠠᠭᠤᠷᠢᠨ ᠤ ᠡᠵᠡᠯᠡᠬᠦ ᠲᠠᠯᠠᠪᠠᠢ ᠪᠠᠷᠤᠭ 2.6 ᠮᠦ᠂ ᠠᠮᠠᠷᠠᠯᠲᠠ ᠶᠢᠨ ᠣᠷᠣᠨ ᠤ ᠶᠡᠷᠦᠩᠬᠡᠢ ᠲᠠᠯᠠᠪᠠᠢ | 6.6 ᠲᠦᠮᠡᠨ ᠮᠦ ᠳᠤ ᠬᠦᠷᠴᠡᠢ᠃ ᠣᠳᠣᠬᠠᠨ ᠳᠤ᠂ ᠠᠵᠤ ᠠᠬᠤᠶᠢᠯᠠᠯ ᠤᠨ ᠵᠢᠯ ᠪᠦᠷᠢ ᠶᠢᠨ ᠦᠬᠡᠷ᠂ ᠬᠤᠨᠢ᠂ ᠲᠠᠬᠢᠶ᠎ᠠ᠂ | ᠭᠠᠭ᠋ᠠᠶ᠂ ᠵᠢᠭᠠᠰᠤ ᠵᠡᠷᠭᠡ ᠡᠯ᠎ᠡ ᠵᠦᠢᠯ ᠤᠨ ᠰᠢᠨ᠎ᠡ ᠮᠢᠬ᠎ᠠ᠂ ᠰᠢᠨ᠎ᠡ ᠥᠨᠳᠡᠭᠡ ᠶᠢ ᠡᠳ᠋ᠰᠢᠭᠦᠯᠦᠨ ᠦᠢᠯᠡᠳᠪᠦᠷᠢᠯᠡᠵᠦ | ᠳᠣᠭᠢᠷᠠᠭᠤᠯᠤᠨ ᠬᠦᠷᠭᠡᠬᠦ ᠬᠡᠮᠵᠢᠶ᠎ᠡ 350 ᠭᠠᠷᠤᠶ ᠲᠣᠨ ᠳᠤ ᠬᠦᠷᠴᠦ ᠪᠣᠶ︔ ᠡᠯ᠎ᠡ ᠵᠦᠢᠯ ᠤᠨ ᠢᠳᠡᠰᠢᠨ ᠨᠣᠭᠤᠭ᠎ᠠ᠂ | ᠭᠤᠸ᠎ᠠ ᠵᠢᠮᠢᠰ ᠪᠠᠷᠤᠭ 700 ᠭᠠᠷᠤᠶ ᠲᠣᠨ ᠪᠠᠶᠢᠳᠠᠭ︔ ᠡᠯᠳᠡᠪ ᠠᠮᠤ ᠡᠯᠳᠡᠪ ᠪᠤᠷᠴᠠᠭ᠂ ᠶᠤᠤᠮᠠᠶ ᠶᠢᠨ ᠭᠤᠯᠢᠷ᠂ ᠴᠠᠭᠠᠨ | ᠭᠤᠯᠢᠷ᠂ ᠰᠠᠭᠠᠭ ᠤᠨ ᠭᠤᠯᠢᠷ᠂ ᠬᠤᠯᠤ ᠶᠢᠨ ᠲᠤᠰᠤ ᠪᠠᠷᠤᠭ 265 ᠲᠣᠨ ᠪᠠᠶᠢᠳᠠᠭ︔ ᠡᠯ᠎ᠡ ᠲᠥᠷᠥᠯ ᠤᠨ ᠬᠤᠯᠢᠰᠢᠨ | ᠢᠳᠡᠭᠡᠨ 180 ᠭᠠᠷᠤᠶ ᠲᠣᠨ ᠳᠤ ᠬᠦᠷᠴᠡᠶ᠃ | | | ᠠᠮᠢ ᠠᠬᠤᠶ ᠶᠢᠨ ᠲᠠᠷᠢᠶᠠᠯᠠᠩ ᠤᠨ ᠠᠵᠤ ᠦᠢᠯᠡᠰ ᠢ ᠴᠢᠨᠠᠷ ᠰᠠᠶᠢᠲᠠᠶ ᠬᠥᠭᠵᠢᠭᠦᠯᠵᠦ ᠲᠠᠰ ᠳᠡᠪᠰᠢᠭᠦᠯᠬᠦ ᠶᠢᠨ | ᠵᠡᠷᠭᠡ ᠳᠤ ᠰᠢᠩ ᠾᠧ ᠰᠢᠶᠠᠨ ᠤ ᠴᠠᠢ ᠨᠠᠭᠤᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠪᠣᠯᠤᠨ ᠴᠧᠩ ᠭᠤᠸᠠᠨ ᠪᠠᠯᠭᠠᠰᠤ ᠬᠠᠮᠲᠤ ᠪᠠᠷ ᠬᠦᠯᠡᠮᠵᠢ ᠪᠠᠶᠢᠭᠤᠯᠤᠭᠰᠠᠨ ᠪᠥᠭᠡᠳ ᠲᠤᠬᠠᠶ ᠶᠢᠨ ᠭᠠᠵᠠᠷ ᠤᠨ | ᠲᠠᠷᠢᠶᠠᠴᠢᠳ ᠤᠨ ᠭᠠᠵᠠᠷ ᠰᠢᠷᠣᠶ ᠶᠢᠨ ᠡᠷᠭᠢᠯᠲᠡ ᠶᠢᠨ ᠬᠡᠯᠪᠡᠷᠢ ᠪᠠᠷ ᠬᠤᠪᠢ ᠣᠷᠣᠬᠤ ᠶᠢ ᠵᠣᠷᠢᠭᠵᠢᠭᠤᠯᠵᠤ᠂ ᠭᠠᠵᠠᠷ ᠰᠢᠷᠣᠶ | ᠂ ᠬᠥᠳᠡᠯᠮᠦᠷᠢ ᠬᠦᠴᠦ ᠵᠡᠷᠭᠡ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ᠲᠣᠰᠬᠤᠨ ᠤ ᠠᠷᠠᠳ ᠤᠨ ᠣᠷᠣᠯᠭ᠎ᠠ ᠪᠠᠨ | ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ | ᠠᠬᠢᠭᠤᠯᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠴᠠᠢ ᠨᠠᠭᠤᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠠᠵᠤ ᠠᠬᠤᠢᠢᠯᠠᠯᠴᠢᠯᠠᠬᠰᠠᠨ ᠡᠵᠡᠩᠨᠡᠯᠲᠡ ᠪᠠᠷ ᠲᠠᠮᠵᠢᠨ ᠡᠷᠬᠢᠨ ᠲᠣᠭᠤᠷᠢᠨ ᠤ 8 ᠲᠣᠰᠬᠤᠨ ᠤ ᠠᠷᠠᠳ ᠤᠨ ᠵᠥᠪᠯᠡᠯ ᠳᠤ | ᠨᠡᠶᠢᠳᠡ 500 ᠭᠠᠷᠤᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠬᠠᠩᠭᠠᠵᠤ᠂ ᠵᠢᠯ ᠪᠦᠷᠢ ᠲᠣᠰᠬᠤᠨ ᠤ | ᠬᠠᠮᠲᠤ ᠶᠢᠨ ᠠᠵᠤ ᠠᠬᠤᠢ ᠳᠤ 241.6 ᠲᠦᠮᠡᠨ ᠲᠥᠭᠦᠷᠢᠭ ᠲᠤᠰᠢᠶᠠᠵᠤ᠂ ᠭᠠᠵᠠᠷ ᠰᠢᠷᠣᠢ ᠶᠢ ᠡᠷᠭᠢᠯᠲᠡ ᠳᠤ | ᠣᠷᠣᠭᠤᠯᠬᠤ ᠪᠠᠷ ᠲᠠᠮᠵᠢᠨ ᠲᠠᠷᠢᠶᠠᠴᠢᠳ ᠲᠤ 150 ᠭᠠᠷᠤᠢ ᠲᠦᠮᠡᠨ ᠲᠥᠭᠦᠷᠢᠭ ᠤᠨ ᠣᠷᠣᠯᠭ᠎ᠠ ᠨᠡᠮᠡᠵᠦ ᠥᠭᠴᠡᠢ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |