ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠪᠣᠯᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠲᠠᠢ ᠬᠠᠮᠲᠤᠷᠠᠨ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ︽ᠭᠤᠤᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/11/21
     11 ᠰᠠᠷ᠎ᠠ ᠶᠢᠨ 18 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠪᠣᠯᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠶᠢᠨ ᠨᠠᠮ ᠤᠨ ᠶᠡᠷᠦᠩᠬᠡᠢ ᠡᠭᠦᠷ ᠤᠨ ᠬᠢᠨ ᠵᠢᠢ ᠰᠢᠶᠠᠩ ᠶᠤᠸᠠᠨ ᠤ ᠪᠦᠦ ᠯᠢᠶᠠᠨ ᠪᠠᠭ᠎ᠠ ᠲᠣᠭᠤᠷᠢᠭ ᠲᠤ ︽ᠡᠭᠦᠷᠭᠡ ᠲᠤᠰᠢᠶᠠᠯ ᠢᠶᠠᠨ ᠭᠦᠢᠴᠡᠳᠬᠡᠵᠦ ᠤᠬ ᠰᠠᠨᠠᠭ᠎ᠠ ᠪᠠᠨ ᠭᠦᠢᠴᠡᠳᠬᠡᠬᠦ ᠡᠮᠦᠨ᠎ᠡ ᠹᠷᠣᠨᠲ ᠲᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ ᠠᠵᠢᠯᠯᠠᠭ᠎ᠠ ᠳᠤ ᠣᠷᠣᠯᠴᠠᠪᠠ᠃       ᠠᠵᠢᠯᠯᠠᠭ᠎ᠠ ᠶᠢᠨ ᠭᠤᠣᠯ ᠵᠣᠷᠢᠯᠭ᠎ᠠ ᠪᠣᠯ᠄ ᠰᠢᠩ ᠾᠧ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠯᠳᠤᠭᠠᠨ ᠦᠷᠭᠦᠯᠵᠢᠯᠡᠨ ᠶᠠᠪᠤᠭᠳᠠᠵᠤ᠂ ᠪᠦᠬᠦ ᠨᠠᠮ ᠤᠨ ᠭᠡᠰᠢᠭᠦᠳ ᠤᠨ ︽ᠡᠭᠦᠷᠭᠡ ᠲᠤᠰᠢᠶᠠᠯ ᠤᠨ ᠤᠭ ᠰᠠᠨᠠᠭ᠎ᠠ ᠪᠠᠨ ᠭᠦᠢᠴᠡᠳᠬᠡᠵᠦ᠂ ᠨᠢᠭᠡᠳᠦᠭᠡᠷ ᠹᠷᠣᠨᠲ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾ ᠵᠣᠷᠢᠯᠲᠠ ᠶᠢᠨ ᠤᠬᠠᠮᠰᠠᠷ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠰᠠᠨᠠᠭᠠᠴᠢᠯᠠᠨ᠎ᠠ᠃ ᠪᠦᠬᠦ ᠨᠠᠮ ᠤᠨ ᠭᠡᠰᠢᠭᠦᠳ ᠢ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠠᠵᠢᠯᠯᠠᠬᠤ ᠬᠡᠷᠡᠭᠲᠡᠶ ᠭᠡᠵᠦ ᠱᠠᠭᠠᠷᠳᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠣᠳᠣᠬᠠᠨ ᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ ᠳᠤ ᠴᠢᠭᠯᠡᠭᠦᠯᠦᠨ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠦᠷᠭᠦᠯᠵᠢᠯᠡᠨ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠣᠭ ᠰᠠᠨᠠᠭ᠎ᠠ ᠪᠠᠨ ᠮᠠᠷᠲᠠᠯ ᠥᠬᠡᠶ᠂ ᠡᠷᠡᠮᠡᠬᠡᠶᠢᠯᠡᠨ ᠤᠷᠤᠭᠰᠢᠯᠠᠵᠤ᠂ ᠬᠤᠷᠴᠠ ᠰᠡᠷᠭᠡᠭ ᠲᠠᠷᠢᠬᠢ ᠲᠣᠯᠣᠭᠠᠶ᠂ ᠬᠠᠷᠢᠭᠤᠴᠠᠯᠭ᠎ᠠ ᠡᠭᠦᠷᠭᠡᠯᠡᠬᠦ ᠠᠵᠢᠯᠯᠠᠭ᠎ᠠ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠠᠩᠭᠢᠯᠠᠭ᠎ᠠ ᠶᠢᠨ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠤᠯᠬᠤ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠨᠠᠮ ᠤᠨ ᠲᠤᠭ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠲᠤ ᠥᠨᠳᠥᠷ ᠨᠠᠮᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠢᠯᠠᠯᠲᠠ ᠶᠢ ᠲᠡᠮᠡᠴᠡᠨ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃      ᠡᠩ ᠲᠡᠷᠢᠭᠦᠨ ᠳᠤ ᠤᠯᠠᠨ ᠢᠶᠠᠷ ᠢᠶᠠᠨ ᠨᠠᠮ ᠤᠨ ᠲᠤᠭ ᠤᠨ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠨ᠎ᠠ᠃      ᠠᠵᠢᠯᠯᠠᠭ᠎ᠠ ᠶᠢᠨ ᠳᠤᠮᠳᠠ᠂ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ ᠪᠠᠶᠢᠭ᠎ᠠ ᠶᠢᠨ ᠵᠣᠷᠢᠯᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠣᠯᠠᠨ ᠲᠦᠮᠡᠨ ᠳᠤ ᠨᠠᠷᠢᠨ ᠲᠣᠳᠣᠷᠬᠠᠶ ᠲᠦᠭᠡᠮᠡᠯᠵᠢᠭᠦᠯᠵᠦ᠂ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠬᠤ ᠶᠢ ᠣᠯᠠᠨ ᠲᠦᠮᠡᠨ ᠳᠤ ᠰᠠᠨᠠᠭᠤᠯᠵᠤ᠂ ︽ᠵᠠᠪᠠᠯ ᠭᠠᠳᠠᠭᠰᠢ ᠭᠠᠷᠬᠤ ᠬᠡᠷᠡᠭᠲᠡᠶ︾ ᠪᠠᠶᠢᠬᠤ ᠬᠡᠷᠡᠭᠲᠡᠶ᠃ ᠡᠭᠦᠨ ᠤ ᠵᠡᠷᠭᠡ ᠳᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠶᠢ ᠴᠢᠩᠭᠠᠳᠬᠠᠵᠤ᠂ ᠡᠷᠡᠭᠦᠯ ᠪᠣᠯᠪᠠᠰᠤᠨ ᠤᠬᠠᠮᠰᠠᠷ ᠢ ᠨᠢ ᠳᠡᠭᠡᠭᠰᠢᠯᠡᠭᠦᠯᠦᠨ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ᠂ ᠴᠥᠭᠡᠨ ᠴᠤᠭᠯᠠᠷᠠᠬᠤ ᠶᠢ ᠵᠢᠷᠤᠮᠵᠢᠭᠤᠯᠬᠤ ᠶᠢ ᠪᠡᠶᠡᠯᠡᠭᠦᠯᠬᠦ ᠬᠡᠷᠡᠭᠲᠡᠶ᠃                                ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3