ᠨᠢᠭᠡ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠠᠬᠢᠭᠤᠯᠤᠭᠰᠠᠨ ᠪᠠᠶᠢᠳᠠᠯ | ᠲᠣᠰ ᠰᠢᠶᠠᠨ ᠤ ᠱᠠᠲᠤᠨ ᠤ ᠪᠠ ᠳᠡᠭᠡᠳᠦ ᠱᠠᠲᠤᠨ ᠤ ᠬᠢᠨᠠᠨ ᠵᠥᠪᠰᠢᠶᠡᠷᠡᠵᠦ ᠲᠣᠭᠲᠠᠭᠠᠭᠰᠠᠨ 770 | ᠲᠥᠷᠥᠯ ᠵᠦᠢᠯ ᠳᠤ ᠪᠥᠬᠦ ᠲᠠᠯ᠎ᠠ ᠶᠢᠨ ᠡᠬᠢᠯᠡᠯᠲᠡ ᠶᠢ ᠬᠢᠵᠦ᠂ ᠡᠭᠦᠨ ᠳᠤ᠄ ᠭᠠᠷ ᠭᠦᠢᠴᠠᠳᠭᠡᠯ ᠨᠢ ᠪᠦᠷᠢᠨ | ᠭᠦᠢᠴᠡᠳ ᠪᠤᠶᠤ ᠨᠢᠭᠡᠨᠲᠡ ᠭᠦᠢᠴᠡᠳᠭᠡᠵᠤ ᠳᠠᠭᠤᠰᠬᠠᠭᠰᠠᠨ ᠲᠥᠷᠥᠯ ᠵᠦᠢᠯ 491 ᠪᠠᠶᠢᠵᠤ᠂ 278 ᠲᠥᠷᠥᠯ | ᠵᠦᠢᠯ ᠢ ᠬᠡᠷᠡᠭᠵᠢᠭᠦᠯᠬᠦ ᠥᠬᠡᠶ᠂ ᠣᠲᠣ ᠪᠠᠶᠢᠭ᠎ᠠ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠶ᠋ᠯ ᠨᠡᠶᠢᠲᠡ 1᠂ | ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠨᠡᠶᠢᠲᠡ 2 ᠪᠣᠶ᠂ ᠡᠭᠦᠨ ᠳᠤ᠄ ᠤᠰᠤ ᠲᠠᠲᠠᠬᠤ ᠵᠥᠪᠰᠢᠶᠡᠷᠡᠯ ᠤᠨ | ᠵᠦᠢᠯ 1᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠵᠦᠢᠯ 1 ᠪᠣᠶ᠃ ᠣᠳᠣᠬᠠᠨ ᠳᠤ᠂ ᠤᠰᠤ ᠲᠠᠲᠠᠬᠤ | ᠵᠥᠪᠰᠢᠶᠡᠷᠡᠯ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠲᠣᠨᠤᠭ ᠲᠥᠬᠦᠭᠡᠷᠦᠮᠵᠢ ᠳᠤ ᠪᠠᠶᠢᠭᠰᠠᠭᠠᠷ᠃ | ᠬᠤᠶᠠᠷ᠂ ︽ᠬᠠᠭᠠᠰ ᠳᠤᠲᠠᠭᠤ︾ ᠢᠨᠵᠧᠨᠧᠷᠢᠩ ᠢ ᠠᠬᠢᠭᠤᠯᠤᠭᠰᠠᠨ ᠪᠠᠶᠢᠳᠠᠯ | ᠪᠥᠬᠦ ᠰᠢᠶᠠᠨ ᠤ ︽ᠬᠠᠭᠠᠰ ᠳᠤᠲᠠᠭᠤ︾ ᠢᠨᠵᠧᠨᠧᠷᠢᠩ ᠳᠤ ᠨᠢᠭᠡᠯᠬᠡᠨ ᠵᠤᠶᠢᠯ ᠪᠣᠶ᠂ ᠲᠤᠬᠠᠶᠢᠯᠠᠪᠠᠯ᠄ | ᠪᠡᠭᠡᠵᠢᠩ ᠠᠴᠠ ᠰᠢᠨᠵᠢᠶᠠᠩ ᠬᠥᠷᠬᠦ᠂ ᠪᠡᠭᠡᠵᠢᠩ ᠠᠴᠠ ᠲᠥᠪᠡᠳ ᠲᠤ ᠬᠥᠷᠬᠦ ᠲᠦᠷᠭᠡᠨ ᠳᠠᠪᠬᠢᠬᠤ ᠵᠠᠰᠠᠮᠠᠯ ᠵᠠᠮ ᠤᠨ | ᠰᠢᠩ ᠾᠧ ᠬᠤᠯᠪᠣᠬᠤ ᠱᠤᠭᠤᠮ ᠤᠨ ᠵᠠᠰᠠᠮᠠᠯ ᠵᠠᠮ ᠤᠨ ᠲᠥᠷᠥᠯ ᠵᠤᠶᠢᠯ ᠪᠣᠯᠤᠨ᠎ᠠ᠃ ᠣᠳᠣᠬᠠᠨ ᠳᠤ ᠵᠢᠶ ᠵᠠᠩ | ᠲᠡᠮᠦᠷ ᠵᠠᠮ ᠤᠨ ᠬᠥᠭᠦᠷᠭᠡ ᠪᠠᠷ 100 ᠮᠧᠲᠷ ᠯᠡ ᠥᠩᠭᠡᠷᠡᠵᠦ ᠨᠡᠪᠲᠡᠷᠡᠭᠡᠳᠦᠶ ᠪᠠᠶᠢᠨ᠎ᠠ᠃ ᠣᠳᠣᠬᠠᠨ ᠳᠤ | ᠠᠵᠢᠯ ᠢᠶᠠᠨ ᠰᠡᠷᠭᠦᠭᠡᠬᠦ ᠳᠤ ᠵᠥᠪᠬᠡᠨ ᠣᠳᠣᠬᠠᠨ ᠤ ᠡᠩ ᠤᠨ ᠲᠡᠮᠦᠷ ᠵᠠᠮ ᠤᠨ ᠪᠠᠷᠢᠮᠵᠢᠶ᠎ᠠ ᠪᠠᠷ ᠪᠥᠲᠥᠭᠡᠨ | ᠪᠠᠶᠢᠭᠤᠯᠵᠤ ᠪᠣᠯᠤᠨ᠎ᠠ᠂ ᠵᠠᠯᠭᠠᠭᠠᠳ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠲᠠᠢ ᠵᠣᠯᠭᠠᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠲᠥᠭᠡᠨ ᠪᠠᠶᠢᠭᠤᠯᠬᠤ ᠲᠥᠰᠦᠯ ᠢᠶᠠᠨ ᠨᠠᠶᠢᠳᠠᠪᠤᠷᠢᠵᠢᠭᠤᠯᠬᠤ | ᠴᠢᠬᠤᠯᠠᠲᠠᠶ ᠪᠠᠶᠢᠨ᠎ᠠ᠃ | ᠭᠤᠷᠪᠠ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠠᠬᠢᠭᠤᠯᠤᠭᠰᠠᠨ ᠪᠠᠶᠢᠳᠠᠯ | ᠣᠳᠣᠬᠠᠨ ᠳᠤ᠂ ᠨᠢᠭᠡᠳᠦᠭᠡᠷ ᠱᠠᠲᠤᠨ ᠤ ᠨᠢᠭᠡᠴᠡ ᠶᠢᠨ ᠥᠪᠡᠰᠦᠪᠡᠨ ᠪᠠᠶᠢᠴᠠᠭᠠᠬᠤ ᠠᠵᠢᠯ ᠪᠠ ᠬᠤᠶᠠᠳᠤᠭᠠᠷ | ᠱᠠᠲᠤᠨ ᠤ ᠬᠢᠨᠠᠨ ᠪᠤᠳᠤᠵᠤ ᠬᠠᠷᠭᠤᠭᠤᠯᠤᠨ ᠪᠠᠶᠢᠴᠠᠭᠠᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠬᠢᠨᠠᠨ | ᠪᠤᠳᠤᠵᠤ ᠬᠠᠷᠭᠤᠭᠤᠯᠤᠨ ᠪᠠᠶᠢᠴᠠᠭᠠᠭᠰᠠᠨ ᠤ ᠳᠠᠷᠠᠭᠠᠬᠢ ᠳᠡᠭᠡᠭᠰᠢ ᠲᠤᠰᠢᠶᠠᠬᠤ ᠪᠠᠷ ᠪᠠᠶᠢᠭ᠎ᠠ ᠪᠠᠯᠠ ᠮᠥᠩᠭᠦ ᠶᠢ | ᠨᠢᠭᠡᠨᠲᠡ ᠪᠦᠬᠦᠨ ᠢ ᠳᠡᠭᠡᠭᠰᠢ ᠲᠤᠰᠢᠶᠠᠵᠠᠶ᠃ | ᠳᠥᠷᠪᠡ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠪᠠ ᠰᠤᠯᠠ ᠪᠠᠶᠢᠬᠤ ᠭᠠᠵᠠᠷ ᠰᠢᠷᠣᠶ ᠶᠢ | ᠳᠥᠯᠭᠢᠨ ᠠᠬᠢᠭᠤᠯᠤᠭᠰᠠᠨ ᠪᠠᠶᠢᠳᠠᠯ | 1. ᠰᠢᠩ ᠾᠧ ᠰᠢᠶᠠᠨ ᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠶ ᠭᠠᠵᠠᠷ ᠰᠢᠷᠣᠶ ᠶᠢᠨ ᠶᠡᠷᠦᠩᠬᠡᠶ | ᠲᠠᠯᠠᠪᠠᠶ ᠨᠢ 417.32 ᠾᠧᠺᠲ᠋ᠠᠷ ︵6259.8 ᠮᠥ︶᠂ 2022 ᠣᠨ — 2025 ᠣᠨ ᠳᠤ | ᠰᠢᠩᠭᠡᠭᠡᠯᠲᠡ ᠶᠢᠨ ᠡᠭᠦᠷᠭᠡ ᠶᠢ ᠵᠢᠯ ᠬᠤᠪᠢᠶᠠᠨ ᠪᠡᠶᠡᠯᠡᠭᠦᠯᠵᠦ᠂ 2022 ᠣᠨ ᠳᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠰᠢᠩ ᠾᠧ ᠰᠢᠶᠠᠨ ᠤ ᠵᠥᠪᠰᠢᠶᠡᠷᠡᠯ ᠢ ᠣᠯᠤᠭᠰᠠᠨ ᠪᠣᠯᠪᠠᠴᠤ ᠬᠠᠩᠭᠠᠭᠰᠠᠨ ᠥᠬᠡᠶ | ᠭᠠᠵᠠᠷ ᠰᠢᠷᠣᠶ ᠶᠢᠨ ᠰᠢᠩᠭᠡᠭᠡᠯᠲᠡ ᠶᠢᠨ ᠡᠭᠦᠷᠭᠡ ᠶᠢ 74.37 ᠾᠧᠺᠲ᠋ᠠᠷ ︵1115.55 ᠮᠥ︶ ᠪᠠᠭᠤᠯᠭᠠᠵᠤ᠂ | ᠬᠤᠲᠠ ᠶᠢᠨ ᠵᠠᠰᠠᠭ ᠤᠨ ᠣᠷᠳᠣᠨ ᠠᠴᠠ ᠰᠢᠩ ᠾᠧ ᠰᠢᠶᠠᠨ ᠤ ᠵᠥᠪᠰᠢᠶᠡᠷᠡᠯ ᠢ ᠣᠯᠤᠭᠰᠠᠨ ᠪᠣᠯᠪᠠᠴᠤ ᠬᠠᠩᠭᠠᠭᠰᠠᠨ | ᠥᠬᠡᠶ ᠭᠠᠵᠠᠷ ᠰᠢᠷᠣᠶ ᠶᠢᠨ ᠰᠢᠩᠭᠡᠭᠡᠯᠲᠡ ᠶᠢᠨ ᠡᠭᠦᠷᠭᠡ ᠶᠢ 208.66 ᠾᠧᠺᠲ᠋ᠠᠷ ︵3129.9 ᠮᠥ︶ | ᠪᠠᠭᠤᠯᠭᠠᠵᠤ᠂ ᠣᠲᠣ ᠪᠣᠯᠲᠠᠯ᠎ᠠ ᠨᠢᠭᠡᠨᠲᠡ 73.53 ᠾᠧᠺᠲ᠋ᠠᠷ ᠭᠠᠵᠠᠷ ᠬᠠᠩᠭᠠᠵᠤ᠂ ᠥᠪᠡᠷᠲᠡᠭᠡᠨ ᠵᠠᠰᠠᠬᠤ | ᠣᠷᠣᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 98.8% ᠬᠦᠷᠴᠦ᠂ ᠬᠤᠲᠠ ᠶᠢᠨ ᠵᠠᠰᠠᠭ ᠤᠨ ᠣᠷᠳᠣᠨ ᠤ | ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 35.2% ᠪᠣᠯᠪᠠ᠃ | 2 . ᠬᠤᠳᠠ ᠶᠢᠨ ᠵᠠᠰᠠᠭ ᠤᠨ ᠣᠷᠳᠣᠨ ᠠᠴᠠ ᠰᠢᠩ ᠾᠧ ᠰᠢᠶᠠᠨ ᠤ ᠰᠤᠯᠠ ᠲᠠᠯᠪᠢᠵᠤ ᠪᠠᠶᠢᠭ᠎ᠠ 2 ᠬᠡᠰᠡᠭ | ᠭᠠᠵᠠᠷ ᠰᠢᠷᠣᠶ ᠶᠢ ᠳᠣᠷᠣᠭᠰᠢ ᠪᠠᠭᠤᠯᠭᠠᠵᠤ᠂ ᠲᠠᠯᠠᠪᠠᠢ ᠨᠢ 11.33 ᠡᠾᠤᠺᠲ᠋ᠡᠷ ᠪᠣᠯᠤᠨ᠎ᠠ᠃ ᠰᠤᠯᠠ ᠪᠠᠶᠢᠭ᠎ᠠ | ᠪᠠᠶᠢᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠨᠢᠭᠡᠨᠲᠡ ᠪᠡᠶᠡᠯᠡᠭᠦᠯᠪᠡ᠃ | ᠲᠠᠪᠤ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠤᠶᠢᠯ ᠢ | ᠠᠬᠢᠭᠤᠯᠤᠭᠰᠠᠨ ᠪᠠᠶᠢᠳᠠᠯ | 1. ᠠᠵᠤ ᠤᠶᠢᠯᠡᠰ ᠤᠨ ᠬᠦᠷᠢᠶᠡᠯᠡᠩ ᠲᠣᠭᠤᠷᠢᠭ ᠤᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠤᠶᠢᠯ ᠤᠨ | ᠰᠠᠭᠤᠷᠢ ᠲᠠᠯ᠎ᠠ ᠶᠢ ᠶᠡᠭᠡ ᠪᠠᠷ ᠡᠬᠢᠯᠡᠭᠦᠯᠬᠦ ᠲᠠᠯ᠎ᠠ ᠪᠠᠷ᠃ 2016 ᠣᠨ ᠠᠴᠠ ᠡᠬᠢᠯᠡᠨ᠂ ᠥᠪᠡᠷᠲᠡᠭᠡᠨ ᠵᠠᠰᠠᠬᠤ | ᠣᠷᠣᠨ ᠤ ᠲᠥᠷᠥᠯ ᠵᠤᠶᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠳᠤ ᠣᠷᠣᠭᠤᠯᠤᠭᠰᠠᠨ 66 | ᠲᠥᠷᠥᠯ ᠵᠤᠶᠢᠯ ᠤᠨ ᠴᠣᠬᠤᠯᠠᠪᠤᠷᠢᠯᠠᠨ ᠬᠠᠷᠢᠭᠤᠯᠤᠭᠰᠠᠨ ᠪᠠᠶᠢᠨ᠎ᠠ᠃ ᠡᠭᠦᠨ ᠳᠤ᠂ 50 ᠲᠥᠷᠥᠯ ᠵᠤᠶᠢᠯ ᠢ ᠨᠢᠭᠡᠨᠲᠡ | ᠭᠦᠢᠴᠡᠳᠭᠡᠭᠰᠡᠨ ᠪᠤᠶᠤ ᠭᠦᠢᠴᠡᠳᠭᠡᠬᠦ ᠴᠢᠬᠤᠯᠠ ᠥᠬᠡᠶ᠂ 14 ᠲᠥᠷᠥᠯ ᠵᠤᠶᠢᠯ ᠢ ᠬᠡᠷᠡᠭᠵᠢᠭᠦᠯᠬᠦ ᠥᠬᠡᠶ᠂ | ᠭᠦᠢᠴᠡᠳᠭᠡᠬᠦ ᠴᠢᠬᠤᠯᠠᠲᠠᠶ ᠪᠣᠯᠪᠠᠴᠤ ᠲᠣᠨᠤᠭ ᠲᠥᠬᠦᠭᠡᠷᠦᠮᠵᠢ ᠶᠢᠨ ᠱᠠᠲᠤᠨ ᠳᠤ ᠪᠠᠶᠢᠭ᠎ᠠ 2 ᠲᠥᠷᠥᠯ ᠵᠤᠶᠢᠯ ᠪᠣᠶ᠃ | 2. ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠲᠠᠯ᠎ᠠ ᠶᠢ ᠶᠡᠭᠡ ᠪᠠᠷ ᠪᠤᠢ ᠪᠣᠯᠭᠠᠬᠤ ᠲᠠᠯ᠎ᠠ ᠪᠠᠷ᠃ ᠵᠢᠭᠰᠠᠭᠠᠨ | ᠪᠠᠶᠢᠴᠠᠭᠠᠬᠤ ᠪᠠᠷ ᠳᠡᠮᠵᠢᠨ᠂ ᠠᠵᠤ ᠤᠶᠢᠯᠡᠰ ᠤᠨ ᠬᠦᠷᠢᠶᠡᠯᠡᠩ ᠳᠤ ᠳᠠᠷᠤᠭᠳᠠᠮᠠᠯ ᠪᠠᠯᠠ ᠮᠥᠩᠭᠦ ᠪᠠᠶᠢᠬᠤ ᠥᠬᠡᠶ᠃ | 3. ︽ᠬᠠᠭᠠᠰ ᠳᠤᠲᠠᠭᠤ︾ ᠢᠨᠵᠧᠨᠧᠷᠢᠩ ᠤᠨ ᠰᠠᠭᠤᠷᠢ ᠲᠠᠯ᠎ᠠ ᠪᠠᠷ᠃ ᠵᠢᠭᠰᠠᠭᠠᠨ ᠪᠠᠶᠢᠴᠠᠭᠠᠬᠤ ᠪᠠᠷ ᠳᠡᠮᠵᠢᠨ | ᠂ ᠠᠵᠤ ᠤᠶᠢᠯᠡᠰ ᠤᠨ ᠬᠦᠷᠢᠶᠡᠯᠡᠩ ᠨᠢ ︽ᠬᠠᠭᠠᠰ ᠳᠤᠲᠠᠭᠤ︾ ᠢᠨᠵᠧᠨᠧᠷᠢᠩ ᠲᠠᠢ ᠬᠤᠯᠪᠣᠭᠳᠠᠬᠤ ᠥᠬᠡᠶ᠃ | 4. % ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠶ᠂ ᠰᠤᠯᠠ ᠪᠠᠶᠢᠬᠤ ᠭᠠᠵᠠᠷ ᠰᠢᠷᠣᠶ ᠶᠢᠨ ᠰᠠᠭᠤᠷᠢ ᠨᠢ | ᠶᠡᠭᠡ ᠪᠠᠷ ᠳᠡᠭᠡᠭᠰᠢᠯᠡᠭᠰᠡᠨ ᠲᠠᠯ᠎ᠠ ᠪᠠᠷ᠃ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠠᠵᠤ ᠤᠶᠢᠯᠡᠰ ᠤᠨ | ᠬᠦᠷᠢᠶᠡᠯᠡᠩ ᠤᠨ ᠵᠥᠪᠰᠢᠶᠡᠷᠡᠯ ᠲᠠᠢ ᠪᠣᠯᠪᠠᠴᠤ 7 ᠪᠦᠯᠦᠭ ᠤᠳᠠᠭ᠎ᠠ ᠬᠠᠩᠭᠠᠭᠰᠠᠨ ᠥᠬᠡᠶ᠂ ᠲᠠᠯᠠᠪᠠᠶ ᠨᠢ 250. | 01 ᠮᠥ ᠪᠣᠯᠤᠨ᠎ᠠ᠃ | 5. ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠤᠶᠢᠯ ᠤᠨ ᠰᠠᠭᠤᠷᠢ | ᠲᠠᠯ᠎ᠠ ᠪᠠᠷ᠃ ᠰᠠᠭᠤᠷᠢ ᠪᠡᠯᠡᠳᠬᠡᠮᠵᠢ ᠶᠢᠨ ᠲᠥᠷᠥᠯ ᠵᠤᠶᠢᠯ 1 ︵ᠰᠢᠩ ᠾᠧ ᠰᠢᠶᠠᠨ ᠤ ᠰᠢᠩ ᠸᠠᠩ ᠵᠢᠶᠤᠤ ᠠᠵᠤ | ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ B ᠲᠣᠭᠤᠷᠢᠭ ᠤᠨ ᠥᠷᠭᠡᠷᠢᠭ ᠬᠤᠶᠠᠳᠤᠭᠠᠷ ᠵᠠᠮ ᠤᠨ ᠰᠢᠨ᠎ᠡ ᠪᠠᠷ | ᠪᠠᠶᠢᠭᠤᠯᠬᠤ ᠢᠨᠵᠧᠨᠧᠷᠢᠩ︶︔ 1 ᠲᠥᠷᠥᠯ ᠵᠤᠶᠢᠯ ︵ᠥᠪᠥᠷ ᠮᠣᠩᠭᠤᠯ ᠤᠨ ᠬᠤᠩ ᠪᠦᠦ ᠯᠢᠶᠠᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠵᠤ ᠠᠬᠤᠶᠢᠯᠠᠯ ᠤᠨ ᠪᠠᠯᠠ ᠮᠥᠩᠭᠦ ᠳᠤᠲᠠᠭᠳᠠᠭᠰᠠᠨ ᠠᠴᠠ ᠪᠣᠯᠵᠣ | ᠪᠠᠶᠢᠭᠤᠯᠬᠤ ᠪᠠᠨ ᠵᠣᠭᠰᠣᠪᠠ︶ ᠪᠠᠶᠢᠭᠤᠯᠬᠤ ᠶᠢ ᠵᠣᠭᠰᠣᠭᠠᠨ᠎ᠠ᠃ | ᠵᠣᠬᠢᠶᠠᠭᠴᠢ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |