| | ᠱᠦᠨ ᠹᠧᠩ ᠲᠦᠷᠭᠡᠨ ᠬᠦᠷᠭᠡᠯᠲᠡ ᠶᠢᠨ ᠠᠵᠢᠯᠲᠠᠨ ᠲᠦᠷᠭᠡᠨ ᠬᠦᠷᠭᠡᠯᠲᠡ ᠶᠢᠨ ᠵᠤᠶᠢᠯ ᠢ ᠰᠢᠢᠳᠪᠤᠷᠢᠯᠡᠪᠡ | ︽ᠬᠦᠰᠡᠭᠡᠳ ᠤᠳᠠᠭᠰᠠᠨ ᠲᠦᠷᠭᠡᠨ ᠬᠦᠷᠭᠡᠯᠲᠡ ᠶᠢ ᠡᠴᠦᠰ ᠲᠡᠭᠡᠨ ᠣᠯᠵᠤ ᠠᠪᠤᠯ᠎ᠠ᠂ ᠲᠦᠷᠭᠡᠨ ᠬᠦᠷᠭᠡᠯᠲᠡ ᠶᠢᠨ | ᠰᠠᠭᠠᠳ ᠦᠭᠡᠶ ᠨᠡᠪᠲᠡᠷᠡᠬᠦ ᠨᠢ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠳᠤᠷᠠᠲᠠᠶ ᠵᠠᠯᠠᠭᠤᠴᠤᠳ ᠲᠤ | ᠠᠪᠴᠤ ᠬᠡᠯᠡᠪᠡᠯ ᠲᠦᠢᠯ ᠤᠨ ᠴᠢᠬᠤᠯᠠ ᠶᠤᠮ︾᠃ ᠭᠡᠵᠦ ᠬᠤᠳᠠ ᠶᠢᠨ ᠠᠷᠠᠳ ᠴᠢᠨ ᠠᠪᠠᠭ᠋ᠠᠢ ᠬᠡᠯᠡᠪᠡ᠃ ᠣᠶᠢᠷ᠎ᠠ ᠳᠤ᠂ | ᠰᠤᠷᠪᠤᠯᠵᠢᠯᠠᠭᠴᠢ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 11 ᠰᠠᠷ᠎ᠠ ᠶᠢᠨ | 10 ᠤ ᠡᠳᠦᠷ ᠠᠴᠠ ᠨᠠᠰᠢ᠂ ᠱᠦᠨ ᠹᠧᠩ᠂ ᠵᠢᠩ ᠳ᠋ᠦᠩ᠂ ᠶᠦᠨ ᠳ᠋ᠡ ᠲᠦᠷᠭᠡᠨ ᠬᠦᠷᠭᠡᠯᠲᠡ ᠶᠢᠨ ᠠᠵᠢᠯ ᠵᠠᠯᠭᠠᠭ᠎ᠠ ᠪᠠᠷ | ᠰᠡᠷᠭᠦᠵᠦ᠂ 16 ᠤ ᠡᠳᠦᠷ ᠪᠣᠯᠲᠠᠯ᠎ᠠ᠂ ᠡᠯ᠎ᠡ ᠠᠵᠤ ᠠᠬᠤᠶᠢᠯᠠᠯ ᠨᠢᠭᠡᠨᠲᠡ 7.7 ᠲᠦᠮᠡ ᠭᠠᠷᠤᠶ ᠲᠦᠷᠭᠡᠨ ᠬᠦᠷᠭᠡᠯᠲᠡ ᠶᠢᠨ | ᠵᠤᠶᠢᠯ ᠢ ᠬᠦᠷᠭᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠡᠭᠦᠨ ᠳᠤ ᠶᠦᠨ ᠳ᠋ᠡ ᠲᠦᠷᠭᠡᠨ ᠬᠦᠷᠭᠡᠯᠲᠡ ᠶᠢᠨ ᠳᠡᠭᠡᠳᠦ ᠱᠠᠲᠤᠨ ᠤ ᠵᠠᠮ ᠢ | ᠬᠥᠬᠡᠬᠤᠲᠠ ᠳᠤ ᠲᠦᠷ ᠨᠡᠭᠡᠭᠡᠭᠰᠡᠨ ᠥᠬᠡᠶ ᠪᠣᠯᠬᠤᠷ ᠳᠠᠷᠤᠭᠳᠠᠵᠤ ᠪᠠᠶᠢᠭ᠎ᠠ ᠵᠤᠶᠢᠯ ᠢ ᠰᠢᠢᠳᠪᠤᠷᠢᠯᠡᠵᠤ ᠪᠠᠷᠠᠭᠰᠠᠨ ᠤ ᠳᠠᠷᠠᠭ᠎ᠠ | ᠡᠵᠡᠩᠨᠡᠯᠲᠡ ᠪᠠᠨ ᠰᠡᠷᠭᠦᠭᠡᠬᠦ ᠶᠢ ᠲᠦᠷ ᠵᠣᠭᠰᠣᠭᠠᠪᠠ᠃ ᠱᠦᠨ ᠹᠧᠩ᠂ ᠵᠢᠩ ᠳ᠋ᠦᠩ ᠤᠨ ᠳᠡᠭᠡᠳᠦ ᠤᠷᠤᠰᠬᠠᠯ ᠤᠨ | ᠬᠤᠪᠢᠶᠠᠨ ᠰᠠᠯᠭᠠᠬᠤ ᠲᠥᠪ ᠲᠠᠬᠢ ᠲᠦᠷᠭᠡᠨ ᠬᠦᠷᠭᠡᠬᠦ ᠵᠦᠢᠯ ᠴᠦ ᠮᠠᠨ ᠤ ᠬᠤᠳᠠ ᠳᠤ ᠵᠠᠯᠭᠠᠯᠳᠤᠭ᠎ᠠ ᠪᠠᠷ ᠬᠦᠷᠴᠦ ᠢᠷᠡᠪᠡ | ᠃ ᠡᠭᠦᠨ ᠠᠴᠠ ᠭᠠᠳᠠᠨ᠎ᠠ᠂ ᠬᠤᠲᠠ ᠶᠢᠨ ᠰᠢᠤᠳᠠᠨ ᠤ ᠬᠤᠪᠢᠶᠠᠷᠢ ᠺᠣᠮᠫᠠᠨᠢ ᠴᠤ ᠨᠢᠭᠡᠨᠲᠡ ᠠᠵᠢᠯ ᠢᠶᠠᠨ ᠰᠡᠷᠭᠦᠭᠡᠵᠦ | ᠤᠶᠢᠯᠡᠳᠪᠤᠷᠢᠯᠡᠯ ᠢᠶᠠᠨ ᠰᠡᠷᠭᠦᠭᠡᠭᠰᠡᠨ ᠮᠠᠲ᠋ᠧᠷᠢᠶᠠᠯ ᠢᠶᠠᠨ ᠲᠤᠰᠢᠶᠠᠵᠤ᠂ 11 ᠰᠠᠷ᠎ᠠ ᠶᠢᠨ 16 ᠤ ᠡᠳᠦᠷ ᠤᠨ ᠦᠳᠡ ᠶᠢᠨ | ᠬᠤᠶᠢᠨ᠎ᠠ ᠵᠢᠨᠢᠩ ᠲᠣᠭᠤᠷᠢᠭ ᠤᠨ ᠰᠢᠤᠳᠠᠨ ᠤ ᠲᠦᠷᠭᠡᠨ ᠬᠦᠷᠭᠡᠯᠲᠡ ᠶᠢᠨ ᠬᠢᠨᠠᠨ ᠬᠡᠮᠵᠢᠬᠦ ᠬᠠᠮᠢᠶᠠᠷᠤᠯᠲᠠ ᠶᠢᠨ ᠠᠵᠢᠯ ᠤᠨ | ᠲᠤᠰᠬᠠᠶ ᠠᠩᠭᠢ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠲᠠᠢ ᠬᠠᠮᠲᠤᠷᠠᠨ ᠰᠢᠤᠳᠠᠨ ᠤ ᠬᠤᠪᠢᠶᠠᠷᠢ ᠺᠣᠮᠫᠠᠨᠢ ᠶᠢᠨ | ᠰᠢᠤᠳᠠᠨ ᠤ ᠵᠤᠶᠢᠯ ᠢ ᠰᠠᠯᠭᠠᠨ ᠥᠭᠬᠦ ᠲᠥᠪ ᠢ ᠰᠢᠯᠭᠠᠨ ᠬᠤᠷᠢᠶᠠᠵᠤ ᠳᠠᠭᠤᠰᠬᠠᠭᠠᠳ᠂ 17 ᠤ ᠡᠳᠦᠷ ᠨᠢᠭᠡᠨᠲᠡ | ᠠᠵᠢᠯ ᠢᠶᠠᠨ ᠰᠡᠷᠭᠦᠭᠡᠭᠰᠡᠨ ᠪᠠᠶᠢᠨ᠎ᠠ᠃ | ᠬᠤᠰᠢᠭᠤ ᠰᠢᠶᠠᠨ ᠤ ᠲᠦᠷᠭᠡᠨ ᠬᠦᠷᠭᠡᠯᠲᠡ ᠶᠢᠨ ᠠᠵᠢᠯ ᠰᠡᠷᠭᠦᠭᠡᠬᠦ ᠲᠠᠯ᠎ᠠ ᠪᠠᠷ᠂ ᠠᠵᠢᠯ ᠰᠡᠷᠭᠦᠭᠡᠬᠦ ᠨᠥᠬᠦᠴᠡᠯ ᠢ | ᠪᠦᠷᠢᠯᠳᠦᠭᠦᠯᠦᠭᠰᠡᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠨᠢ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠳᠤ ᠠᠵᠢᠯ ᠰᠡᠷᠭᠦᠭᠡᠬᠦ ᠲᠥᠰᠦᠯ ᠢᠶᠠᠨ ᠲᠤᠰᠢᠶᠠᠵᠤ᠂ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ᠂ | ᠬᠤᠰᠢᠭᠤ ᠰᠢᠶᠠᠨ ᠤ ᠰᠢᠤᠳᠠᠨ ᠤ ᠲᠦᠷᠭᠡᠨ ᠬᠦᠷᠭᠡᠯᠲᠡ ᠶᠢᠨ ᠲᠤᠰᠬᠠᠶ ᠠᠩᠭᠢ ᠠᠴᠠ ᠲᠤᠬᠠᠶ ᠶᠢᠨ ᠲᠠᠯᠠᠪᠤᠷ ᠲᠤᠨᠢ ᠰᠢᠯᠭᠠᠨ | ᠠᠪᠬᠤ ᠶᠢᠨ ᠬᠠᠮᠲᠤ ᠰᠢᠯᠭᠠᠨ ᠠᠪᠬᠤ ᠬᠦᠰᠦᠨᠦᠭᠲᠦ ᠶᠢ ᠲᠠᠭᠯᠠᠵᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠬᠦᠷᠦᠭᠰᠡᠨ ᠤ ᠳᠠᠷᠠᠭ᠎ᠠ ᠳᠠᠷᠤᠶ ᠠᠵᠢᠯ ᠢᠶᠠᠨ ᠰᠡᠷᠭᠦᠭᠡᠵᠦ ᠪᠣᠯᠤᠨ᠎ᠠ᠃ | ᠣᠳᠣᠬᠠᠨ ᠳᠤ᠂ ᠡᠮᠦᠨᠡᠲᠦ ᠬᠤᠰᠢᠭᠤ᠂ ᠳᠤᠮᠳᠠᠳᠤ ᠬᠤᠰᠢᠭᠤ᠂ ᠱᠠᠩᠲᠤ ᠶᠢᠨ ᠬᠡᠰᠡᠭ ᠠᠵᠤ ᠠᠬᠤᠶᠢᠯᠠᠯ ᠵᠠᠯᠭᠠᠭ᠎ᠠ ᠪᠠᠷ | ᠠᠵᠢᠯ ᠢᠶᠠᠨ ᠰᠡᠷᠭᠦᠭᠡᠵᠡᠶ᠃ | 【 ᠰᠢᠦᠳᠠᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠲᠦᠭ ᠲᠦᠮᠡᠨ ᠠᠶᠢᠯ ᠡᠷᠦᠬᠡ ᠲᠠᠢ ᠬᠠᠷᠢᠯᠴᠠᠵᠤ᠂ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ︿ᠨᠠᠷᠢᠯᠢᠭ ᠣᠨᠣᠴᠠᠲᠠᠶ ᠴᠢᠨᠠᠷ᠂ ᠰᠢᠰᠲ᠋ᠧᠮᠲᠦ ᠴᠢᠨᠠᠷ﹀ ᠤᠨ | ᠱᠠᠭᠠᠷᠳᠠᠯᠭ᠎ᠠ ᠶᠣᠰᠣᠭᠠᠷ᠂ ᠡᠯ᠎ᠡ ᠵᠤᠶᠢᠯ ᠤᠨ ᠠᠵᠢᠯ ᠢ ᠴᠢᠩᠭ᠎ᠠ ᠠᠳᠬᠤᠨ ᠨᠠᠷᠢᠨ ᠠᠳᠬᠤᠵᠤ᠂ ᠥᠪᠡᠷᠲᠡᠭᠡᠨ ᠵᠠᠰᠠᠬᠤ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠰᠢᠤᠳᠠᠨ ᠤ ᠲᠦᠷᠭᠡᠨ | ᠬᠦᠷᠭᠡᠯᠲᠡ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ | ᠬᠢᠬᠦ ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ | ᠦᠷᠭᠦᠯᠵᠢᠯᠡᠨ ᠵᠣᠬᠢᠴᠠᠭᠤᠯᠵᠤ ᠪᠠᠶᠢᠭᠠᠳ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠬᠦ | ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠤᠨ᠎ᠠ᠃ 】 ᠭᠡᠵᠦ ᠬᠤᠳᠠ ᠶᠢᠨ ᠰᠢᠦᠳᠠᠨ ᠤ ᠬᠠᠮᠢᠶᠠᠷᠤᠯᠲᠠ ᠶᠢᠨ | ᠲᠤᠪᠴᠢᠶ᠎ᠡ ᠶᠢᠨ ᠳᠡᠳ᠋ ᠳᠠᠷᠤᠭ᠎ᠠ ᠯᠢᠦ ᠶᠠᠨ ᠴᠢᠶᠠᠩ ᠬᠡᠯᠡᠪᠡ᠃ | ᠮᠠᠨ ᠤ ᠬᠤᠲᠠ ᠶᠢᠨ ᠲᠦᠷᠭᠡᠨ ᠬᠦᠷᠭᠡᠯᠲᠡ ᠶᠢᠨ ᠤᠶᠢᠯᠡᠰ ᠤᠨ ᠠᠮᠤᠷ ᠲᠦᠪᠰᠢᠨ ᠬᠡᠪ ᠤᠨ ᠡᠵᠡᠩᠨᠡᠯᠲᠡ ᠶᠢ ᠦᠨᠡᠨ | ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠰᠢᠤᠳᠠᠨ ᠤ ᠲᠣᠪᠴᠢᠶ᠎ᠠ ᠶᠢᠨ ᠬᠠᠮᠢᠶᠠᠷᠤᠯᠲᠠ ᠶᠢᠨ ᠠᠵᠢᠯᠲᠠᠨ ᠠᠵᠢᠯ | ᠰᠡᠷᠭᠦᠭᠡᠭᠰᠡᠨ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠢᠨᠠᠯᠲᠠ | ᠬᠠᠮᠢᠶᠠᠷᠤᠯᠲᠠ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃ ᠪᠠᠶᠢᠭᠤᠯᠤᠯᠭ᠎ᠠ ᠶᠢᠨ ᠺᠠᠳ᠋ᠷ ᠬᠤᠪᠢᠶᠠᠷᠢᠯᠠᠨ ᠰᠠᠯᠭᠠᠬᠤ ᠲᠥᠪ᠂ | ᠲᠦᠷᠭᠡᠨ ᠬᠦᠷᠭᠡᠬᠦ ᠲᠣᠣᠷ ᠴᠡᠭ᠂ ᠬᠤᠪᠢᠶᠠᠷᠢᠯᠠᠨ ᠰᠠᠯᠭᠠᠬᠤ ᠲᠥᠪ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ | ᠲᠠᠯᠠᠪᠤᠷ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠬᠢᠨᠠᠨ | ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠠᠵᠤ | ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠷᠤᠮᠵᠢᠯ | ᠦᠭᠡᠢ ᠠᠵᠢᠯᠯᠠᠭ᠎ᠠ ᠶᠢ ᠲᠡᠷᠡ ᠳᠠᠷᠤᠢ ᠳᠤᠨᠢ ᠠᠳᠬᠤᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠦᠷᠭᠡᠨ ᠥᠭᠴᠦ | ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢᠶᠠᠷ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠪᠠ᠃ | | ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠵᠣᠬᠢᠶᠠᠭᠴᠢ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |