ᠰᠢᠩ ᠾᠧ ᠰᠢᠶᠠᠨ ᠤ ︽ᠲᠠᠪᠤᠨ ᠶᠡᠭᠡ ᠡᠬᠢᠯᠡᠯᠲᠡ︾ ᠶᠢᠨ ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2022/11/22
     ᠨᠢᠭᠡ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠠᠬᠢᠭᠤᠯᠤᠭᠰᠠᠨ ᠪᠠᠶᠢᠳᠠᠯ      ᠲᠣᠰ ᠰᠢᠶᠠᠨ ᠤ ᠱᠠᠲᠤᠨ ᠤ ᠪᠠ ᠳᠡᠭᠡᠳᠦ ᠱᠠᠲᠤᠨ ᠤ ᠬᠢᠨᠠᠨ ᠵᠥᠪᠰᠢᠶᠡᠷᠡᠵᠦ ᠲᠣᠭᠲᠠᠭᠠᠭᠰᠠᠨ 770 ᠲᠥᠷᠥᠯ ᠵᠦᠢᠯ ᠳᠤ ᠪᠥᠬᠦ ᠲᠠᠯ᠎ᠠ ᠶᠢᠨ ᠡᠬᠢᠯᠡᠯᠲᠡ ᠶᠢ ᠬᠢᠵᠦ᠂ ᠡᠭᠦᠨ ᠳᠤ᠄ ᠭᠠᠷ ᠭᠦᠢᠴᠠᠳᠭᠡᠯ ᠨᠢ ᠪᠦᠷᠢᠨ  ᠭᠦᠢᠴᠡᠳ ᠪᠤᠶᠤ ᠨᠢᠭᠡᠨᠲᠡ ᠭᠦᠢᠴᠡᠳᠭᠡᠵᠤ ᠳᠠᠭᠤᠰᠬᠠᠭᠰᠠᠨ ᠲᠥᠷᠥᠯ ᠵᠦᠢᠯ 491 ᠪᠠᠶᠢᠵᠤ᠂ 278 ᠲᠥᠷᠥᠯ ᠵᠦᠢᠯ ᠢ ᠬᠡᠷᠡᠭᠵᠢᠭᠦᠯᠬᠦ ᠥᠬᠡᠶ᠂ ᠣᠲᠣ ᠪᠠᠶᠢᠭ᠎ᠠ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠶ᠋ᠯ ᠨᠡᠶᠢᠲᠡ 1᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠨᠡᠶᠢᠲᠡ 2 ᠪᠣᠶ᠂ ᠡᠭᠦᠨ ᠳᠤ᠄ ᠤᠰᠤ ᠲᠠᠲᠠᠬᠤ ᠵᠥᠪᠰᠢᠶᠡᠷᠡᠯ ᠤᠨ ᠵᠦᠢᠯ 1᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠵᠦᠢᠯ 1 ᠪᠣᠶ᠃ ᠣᠳᠣᠬᠠᠨ ᠳᠤ᠂ ᠤᠰᠤ ᠲᠠᠲᠠᠬᠤ ᠵᠥᠪᠰᠢᠶᠡᠷᠡᠯ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠲᠣᠨᠤᠭ ᠲᠥᠬᠦᠭᠡᠷᠦᠮᠵᠢ ᠳᠤ ᠪᠠᠶᠢᠭᠰᠠᠭᠠᠷ᠃      ᠬᠤᠶᠠᠷ᠂ ︽ᠬᠠᠭᠠᠰ ᠳᠤᠲᠠᠭᠤ︾ ᠢᠨᠵᠧᠨᠧᠷᠢᠩ ᠢ ᠠᠬᠢᠭᠤᠯᠤᠭᠰᠠᠨ ᠪᠠᠶᠢᠳᠠᠯ      ᠪᠥᠬᠦ ᠰᠢᠶᠠᠨ ᠤ ︽ᠬᠠᠭᠠᠰ ᠳᠤᠲᠠᠭᠤ︾ ᠢᠨᠵᠧᠨᠧᠷᠢᠩ ᠳᠤ ᠨᠢᠭᠡᠯᠬᠡᠨ ᠵᠤᠶᠢᠯ ᠪᠣᠶ᠂ ᠲᠤᠬᠠᠶᠢᠯᠠᠪᠠᠯ᠄ ᠪᠡᠭᠡᠵᠢᠩ ᠠᠴᠠ ᠰᠢᠨᠵᠢᠶᠠᠩ ᠬᠥᠷᠬᠦ᠂ ᠪᠡᠭᠡᠵᠢᠩ ᠠᠴᠠ ᠲᠥᠪᠡᠳ ᠲᠤ ᠬᠥᠷᠬᠦ ᠲᠦᠷᠭᠡᠨ ᠳᠠᠪᠬᠢᠬᠤ ᠵᠠᠰᠠᠮᠠᠯ ᠵᠠᠮ ᠤᠨ ᠰᠢᠩ ᠾᠧ ᠬᠤᠯᠪᠣᠬᠤ ᠱᠤᠭᠤᠮ ᠤᠨ ᠵᠠᠰᠠᠮᠠᠯ ᠵᠠᠮ ᠤᠨ ᠲᠥᠷᠥᠯ ᠵᠤᠶᠢᠯ ᠪᠣᠯᠤᠨ᠎ᠠ᠃ ᠣᠳᠣᠬᠠᠨ ᠳᠤ ᠵᠢᠶ ᠵᠠᠩ ᠲᠡᠮᠦᠷ ᠵᠠᠮ ᠤᠨ ᠬᠥᠭᠦᠷᠭᠡ ᠪᠠᠷ 100 ᠮᠧᠲᠷ ᠯᠡ ᠥᠩᠭᠡᠷᠡᠵᠦ ᠨᠡᠪᠲᠡᠷᠡᠭᠡᠳᠦᠶ ᠪᠠᠶᠢᠨ᠎ᠠ᠃ ᠣᠳᠣᠬᠠᠨ ᠳᠤ ᠠᠵᠢᠯ ᠢᠶᠠᠨ ᠰᠡᠷᠭᠦᠭᠡᠬᠦ ᠳᠤ ᠵᠥᠪᠬᠡᠨ ᠣᠳᠣᠬᠠᠨ ᠤ ᠡᠩ ᠤᠨ ᠲᠡᠮᠦᠷ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ ᠪᠣᠯᠤᠨ᠎ᠠ᠂ ᠵᠠᠯᠭᠠᠭᠠᠳ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠲᠠᠢ ᠵᠣᠯᠭᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠲᠥᠭᠡᠨ ᠪᠠᠶᠢᠭᠤᠯᠬᠤ ᠲᠥᠰᠦᠯ ᠢᠶᠠᠨ ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠨ᠎ᠠ᠃      ᠭᠤᠷᠪᠠ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠠᠬᠢᠭᠤᠯᠤᠭᠰᠠᠨ ᠪᠠᠶᠢᠳᠠᠯ      ᠣᠳᠣᠬᠠᠨ ᠳᠤ᠂ ᠨᠢᠭᠡᠳᠦᠭᠡᠷ ᠱᠠᠲᠤᠨ ᠤ ᠨᠢᠭᠡᠴᠡ ᠶᠢᠨ ᠥᠪᠡᠰᠦᠪᠡᠨ ᠪᠠᠶᠢᠴᠠᠭᠠᠬᠤ ᠠᠵᠢᠯ ᠪᠠ ᠬᠤᠶᠠᠳᠤᠭᠠᠷ ᠱᠠᠲᠤᠨ ᠤ ᠬᠢᠨᠠᠨ ᠪᠤᠳᠤᠵᠤ ᠬᠠᠷᠭᠤᠭᠤᠯᠤᠨ ᠪᠠᠶᠢᠴᠠᠭᠠᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠬᠢᠨᠠᠨ ᠪᠤᠳᠤᠵᠤ ᠬᠠᠷᠭᠤᠭᠤᠯᠤᠨ ᠪᠠᠶᠢᠴᠠᠭᠠᠭᠰᠠᠨ ᠤ ᠳᠠᠷᠠᠭᠠᠬᠢ ᠳᠡᠭᠡᠭᠰᠢ ᠲᠤᠰᠢᠶᠠᠬᠤ ᠪᠠᠷ ᠪᠠᠶᠢᠭ᠎ᠠ ᠪᠠᠯᠠ ᠮᠥᠩᠭᠦ ᠶᠢ ᠨᠢᠭᠡᠨᠲᠡ ᠪᠦᠬᠦᠨ ᠢ ᠳᠡᠭᠡᠭᠰᠢ ᠲᠤᠰᠢᠶᠠᠵᠠᠶ᠃      ᠳᠥᠷᠪᠡ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠪᠠ ᠰᠤᠯᠠ ᠪᠠᠶᠢᠬᠤ ᠭᠠᠵᠠᠷ ᠰᠢᠷᠣᠶ ᠶᠢ ᠳᠥᠯᠭᠢᠨ ᠠᠬᠢᠭᠤᠯᠤᠭᠰᠠᠨ ᠪᠠᠶᠢᠳᠠᠯ      1. ᠰᠢᠩ ᠾᠧ ᠰᠢᠶᠠᠨ ᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠶ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 417.32 ᠾᠧᠺᠲ᠋ᠠᠷ ︵6259.8 ᠮᠥ︶᠂ 2022 ᠣᠨ — 2025 ᠣᠨ ᠳᠤ ᠰᠢᠩᠭᠡᠭᠡᠯᠲᠡ ᠶᠢᠨ ᠡᠭᠦᠷᠭᠡ ᠶᠢ ᠵᠢᠯ ᠬᠤᠪᠢᠶᠠᠨ ᠪᠡᠶᠡᠯᠡᠭᠦᠯᠵᠦ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠰᠢᠩ ᠾᠧ ᠰᠢᠶᠠᠨ ᠤ ᠵᠥᠪᠰᠢᠶᠡᠷᠡᠯ ᠢ ᠣᠯᠤᠭᠰᠠᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢᠨ ᠰᠢᠩᠭᠡᠭᠡᠯᠲᠡ ᠶᠢᠨ ᠡᠭᠦᠷᠭᠡ ᠶᠢ 74.37 ᠾᠧᠺᠲ᠋ᠠᠷ ︵1115.55 ᠮᠥ︶ ᠪᠠᠭᠤᠯᠭᠠᠵᠤ᠂ ᠬᠤᠲᠠ ᠶᠢᠨ ᠵᠠᠰᠠᠭ ᠤᠨ ᠣᠷᠳᠣᠨ ᠠᠴᠠ ᠰᠢᠩ ᠾᠧ ᠰᠢᠶᠠᠨ ᠤ ᠵᠥᠪᠰᠢᠶᠡᠷᠡᠯ ᠢ ᠣᠯᠤᠭᠰᠠᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢᠨ ᠰᠢᠩᠭᠡᠭᠡᠯᠲᠡ ᠶᠢᠨ ᠡᠭᠦᠷᠭᠡ ᠶᠢ 208.66 ᠾᠧᠺᠲ᠋ᠠᠷ ︵3129.9 ᠮᠥ︶ ᠪᠠᠭᠤᠯᠭᠠᠵᠤ᠂ ᠣᠲᠣ ᠪᠣᠯᠲᠠᠯ᠎ᠠ ᠨᠢᠭᠡᠨᠲᠡ 73.53 ᠾᠧᠺᠲ᠋ᠠᠷ ᠭᠠᠵᠠᠷ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 98.8% ᠬᠦᠷᠴᠦ᠂ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 35.2% ᠪᠣᠯᠪᠠ᠃      2 . ᠬᠤᠳᠠ ᠶᠢᠨ ᠵᠠᠰᠠᠭ ᠤᠨ ᠣᠷᠳᠣᠨ ᠠᠴᠠ ᠰᠢᠩ ᠾᠧ ᠰᠢᠶᠠᠨ ᠤ ᠰᠤᠯᠠ ᠲᠠᠯᠪᠢᠵᠤ ᠪᠠᠶᠢᠭ᠎ᠠ 2 ᠬᠡᠰᠡᠭ ᠭᠠᠵᠠᠷ ᠰᠢᠷᠣᠶ ᠶᠢ ᠳᠣᠷᠣᠭᠰᠢ ᠪᠠᠭᠤᠯᠭᠠᠵᠤ᠂ ᠲᠠᠯᠠᠪᠠᠢ ᠨᠢ 11.33 ᠡᠾᠤᠺᠲ᠋ᠡᠷ ᠪᠣᠯᠤᠨ᠎ᠠ᠃ ᠰᠤᠯᠠ ᠪᠠᠶᠢᠭ᠎ᠠ ᠪᠠᠶᠢᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠨᠢᠭᠡᠨᠲᠡ ᠪᠡᠶᠡᠯᠡᠭᠦᠯᠪᠡ᠃      ᠲᠠᠪᠤ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠤᠶᠢᠯ ᠢ ᠠᠬᠢᠭᠤᠯᠤᠭᠰᠠᠨ ᠪᠠᠶᠢᠳᠠᠯ      1. ᠠᠵᠤ ᠤᠶᠢᠯᠡᠰ ᠤᠨ ᠬᠦᠷᠢᠶᠡᠯᠡᠩ ᠲᠣᠭᠤᠷᠢᠭ ᠤᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠤᠶᠢᠯ ᠤᠨ ᠰᠠᠭᠤᠷᠢ ᠲᠠᠯ᠎ᠠ ᠶᠢ ᠶᠡᠭᠡ ᠪᠠᠷ ᠡᠬᠢᠯᠡᠭᠦᠯᠬᠦ ᠲᠠᠯ᠎ᠠ ᠪᠠᠷ᠃ 2016 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠤᠶᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠳᠤ ᠣᠷᠣᠭᠤᠯᠤᠭᠰᠠᠨ 66 ᠲᠥᠷᠥᠯ ᠵᠤᠶᠢᠯ ᠤᠨ ᠴᠣᠬᠤᠯᠠᠪᠤᠷᠢᠯᠠᠨ ᠬᠠᠷᠢᠭᠤᠯᠤᠭᠰᠠᠨ ᠪᠠᠶᠢᠨ᠎ᠠ᠃ ᠡᠭᠦᠨ ᠳᠤ᠂ 50 ᠲᠥᠷᠥᠯ ᠵᠤᠶᠢᠯ ᠢ ᠨᠢᠭᠡᠨᠲᠡ ᠭᠦᠢᠴᠡᠳᠭᠡᠭᠰᠡᠨ ᠪᠤᠶᠤ ᠭᠦᠢᠴᠡᠳᠭᠡᠬᠦ ᠴᠢᠬᠤᠯᠠ ᠥᠬᠡᠶ᠂ 14 ᠲᠥᠷᠥᠯ ᠵᠤᠶᠢᠯ ᠢ ᠬᠡᠷᠡᠭᠵᠢᠭᠦᠯᠬᠦ ᠥᠬᠡᠶ᠂ ᠭᠦᠢᠴᠡᠳᠭᠡᠬᠦ ᠴᠢᠬᠤᠯᠠᠲᠠᠶ ᠪᠣᠯᠪᠠᠴᠤ ᠲᠣᠨᠤᠭ ᠲᠥᠬᠦᠭᠡᠷᠦᠮᠵᠢ ᠶᠢᠨ ᠱᠠᠲᠤᠨ ᠳᠤ ᠪᠠᠶᠢᠭ᠎ᠠ 2 ᠲᠥᠷᠥᠯ ᠵᠤᠶᠢᠯ ᠪᠣᠶ᠃    2. ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠲᠠᠯ᠎ᠠ ᠶᠢ ᠶᠡᠭᠡ ᠪᠠᠷ ᠪᠤᠢ ᠪᠣᠯᠭᠠᠬᠤ ᠲᠠᠯ᠎ᠠ ᠪᠠᠷ᠃ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠠᠵᠤ ᠤᠶᠢᠯᠡᠰ ᠤᠨ ᠬᠦᠷᠢᠶᠡᠯᠡᠩ ᠳᠤ ᠳᠠᠷᠤᠭᠳᠠᠮᠠᠯ ᠪᠠᠯᠠ ᠮᠥᠩᠭᠦ ᠪᠠᠶᠢᠬᠤ ᠥᠬᠡᠶ᠃    3. ︽ᠬᠠᠭᠠᠰ ᠳᠤᠲᠠᠭᠤ︾ ᠢᠨᠵᠧᠨᠧᠷᠢᠩ ᠤᠨ ᠰᠠᠭᠤᠷᠢ ᠲᠠᠯ᠎ᠠ ᠪᠠᠷ᠃ ᠵᠢᠭᠰᠠᠭᠠᠨ ᠪᠠᠶᠢᠴᠠᠭᠠᠬᠤ ᠪᠠᠷ ᠳᠡᠮᠵᠢᠨ ᠂ ᠠᠵᠤ ᠤᠶᠢᠯᠡᠰ ᠤᠨ ᠬᠦᠷᠢᠶᠡᠯᠡᠩ ᠨᠢ ︽ᠬᠠᠭᠠᠰ ᠳᠤᠲᠠᠭᠤ︾ ᠢᠨᠵᠧᠨᠧᠷᠢᠩ ᠲᠠᠢ ᠬᠤᠯᠪᠣᠭᠳᠠᠬᠤ ᠥᠬᠡᠶ᠃    4. % ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠶ᠂ ᠰᠤᠯᠠ ᠪᠠᠶᠢᠬᠤ ᠭᠠᠵᠠᠷ ᠰᠢᠷᠣᠶ ᠶᠢᠨ ᠰᠠᠭᠤᠷᠢ ᠨᠢ ᠶᠡᠭᠡ ᠪᠠᠷ ᠳᠡᠭᠡᠭᠰᠢᠯᠡᠭᠰᠡᠨ ᠲᠠᠯ᠎ᠠ ᠪᠠᠷ᠃ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠠᠵᠤ ᠤᠶᠢᠯᠡᠰ ᠤᠨ ᠬᠦᠷᠢᠶᠡᠯᠡᠩ ᠤᠨ ᠵᠥᠪᠰᠢᠶᠡᠷᠡᠯ ᠲᠠᠢ ᠪᠣᠯᠪᠠᠴᠤ 7 ᠪᠦᠯᠦᠭ ᠤᠳᠠᠭ᠎ᠠ ᠬᠠᠩᠭᠠᠭᠰᠠᠨ ᠥᠬᠡᠶ᠂ ᠲᠠᠯᠠᠪᠠᠶ ᠨᠢ 250.01 ᠮᠥ ᠪᠣᠯᠤᠨ᠎ᠠ᠃    5. ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠤᠶᠢᠯ ᠤᠨ ᠰᠠᠭᠤᠷᠢ ᠲᠠᠯ᠎ᠠ ᠪᠠᠷ᠃ ᠰᠠᠭᠤᠷᠢ ᠪᠡᠯᠡᠳᠬᠡᠮᠵᠢ ᠶᠢᠨ ᠲᠥᠷᠥᠯ ᠵᠤᠶᠢᠯ 1 ︵ᠰᠢᠩ ᠾᠧ ᠰᠢᠶᠠᠨ ᠤ ᠰᠢᠩ ᠸᠠᠩ ᠵᠢᠶᠤᠤ ᠠᠵᠤ  ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ B ᠲᠣᠭᠤᠷᠢᠭ ᠤᠨ ᠥᠷᠭᠡᠷᠢᠭ ᠬᠤᠶᠠᠳᠤᠭᠠᠷ ᠵᠠᠮ ᠤᠨ ᠰᠢᠨ᠎ᠡ ᠪᠠᠷ ᠪᠠᠶᠢᠭᠤᠯᠬᠤ ᠢᠨᠵᠧᠨᠧᠷᠢᠩ︶︔ 1 ᠲᠥᠷᠥᠯ ᠵᠤᠶᠢᠯ ︵ᠥᠪᠥᠷ ᠮᠣᠩᠭᠤᠯ ᠤᠨ ᠬᠤᠩ ᠪᠦᠦ ᠯᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠵᠤ ᠠᠬᠤᠶᠢᠯᠠᠯ ᠤᠨ ᠪᠠᠯᠠ ᠮᠥᠩᠭᠦ ᠳᠤᠲᠠᠭᠳᠠᠭᠰᠠᠨ ᠠᠴᠠ ᠪᠣᠯᠵᠣ ᠪᠠᠶᠢᠭᠤᠯᠬᠤ ᠪᠠᠨ ᠵᠣᠭᠰᠣᠪᠠ︶ ᠪᠠᠶᠢᠭᠤᠯᠬᠤ ᠶᠢ ᠵᠣᠭᠰᠣᠭᠠᠨ᠎ᠠ᠃          ᠵᠣᠬᠢᠶᠠᠭᠴᠢ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ          ᠤᠷᠴᠢᠭᠤᠯᠤᠭᠴᠢ᠄ ᠨᠠᠷᠠᠰᠤ          ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3