ᠲᠦᠷᠭᠡᠨ ᠬᠦᠷᠭᠡᠬᠦ ᠦᠢᠯᠡᠰ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/11/22
           ᠱᠦᠨ ᠹᠧᠩ ᠲᠦᠷᠭᠡᠨ ᠬᠦᠷᠭᠡᠯᠲᠡ ᠶᠢᠨ ᠠᠵᠢᠯᠲᠠᠨ ᠲᠦᠷᠭᠡᠨ ᠬᠦᠷᠭᠡᠯᠲᠡ ᠶᠢᠨ ᠵᠤᠶᠢᠯ ᠢ ᠰᠢᠢᠳᠪᠤᠷᠢᠯᠡᠪᠡ      ︽ᠬᠦᠰᠡᠭᠡᠳ ᠤᠳᠠᠭᠰᠠᠨ ᠲᠦᠷᠭᠡᠨ ᠬᠦᠷᠭᠡᠯᠲᠡ ᠶᠢ ᠡᠴᠦᠰ ᠲᠡᠭᠡᠨ ᠣᠯᠵᠤ ᠠᠪᠤᠯ᠎ᠠ᠂ ᠲᠦᠷᠭᠡᠨ ᠬᠦᠷᠭᠡᠯᠲᠡ ᠶᠢᠨ ᠰᠠᠭᠠᠳ ᠦᠭᠡᠶ ᠨᠡᠪᠲᠡᠷᠡᠬᠦ ᠨᠢ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠳᠤᠷᠠᠲᠠᠶ ᠵᠠᠯᠠᠭᠤᠴᠤᠳ ᠲᠤ ᠠᠪᠴᠤ ᠬᠡᠯᠡᠪᠡᠯ ᠲᠦᠢᠯ ᠤᠨ ᠴᠢᠬᠤᠯᠠ ᠶᠤᠮ︾᠃ ᠭᠡᠵᠦ ᠬᠤᠳᠠ ᠶᠢᠨ ᠠᠷᠠᠳ ᠴᠢᠨ ᠠᠪᠠᠭ᠋ᠠᠢ ᠬᠡᠯᠡᠪᠡ᠃ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 11 ᠰᠠᠷ᠎ᠠ ᠶᠢᠨ 10 ᠤ ᠡᠳᠦᠷ ᠠᠴᠠ ᠨᠠᠰᠢ᠂ ᠱᠦᠨ ᠹᠧᠩ᠂ ᠵᠢᠩ ᠳ᠋ᠦᠩ᠂ ᠶᠦᠨ ᠳ᠋ᠡ ᠲᠦᠷᠭᠡᠨ ᠬᠦᠷᠭᠡᠯᠲᠡ ᠶᠢᠨ ᠠᠵᠢᠯ ᠵᠠᠯᠭᠠᠭ᠎ᠠ ᠪᠠᠷ ᠰᠡᠷᠭᠦᠵᠦ᠂ 16 ᠤ ᠡᠳᠦᠷ ᠪᠣᠯᠲᠠᠯ᠎ᠠ᠂ ᠡᠯ᠎ᠡ ᠠᠵᠤ ᠠᠬᠤᠶᠢᠯᠠᠯ ᠨᠢᠭᠡᠨᠲᠡ 7.7 ᠲᠦᠮᠡ ᠭᠠᠷᠤᠶ ᠲᠦᠷᠭᠡᠨ ᠬᠦᠷᠭᠡᠯᠲᠡ ᠶᠢᠨ ᠵᠤᠶᠢᠯ ᠢ ᠬᠦᠷᠭᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠡᠭᠦᠨ ᠳᠤ ᠶᠦᠨ ᠳ᠋ᠡ ᠲᠦᠷᠭᠡᠨ ᠬᠦᠷᠭᠡᠯᠲᠡ ᠶᠢᠨ ᠳᠡᠭᠡᠳᠦ ᠱᠠᠲᠤᠨ ᠤ ᠵᠠᠮ ᠢ ᠬᠥᠬᠡᠬᠤᠲᠠ ᠳᠤ ᠲᠦᠷ ᠨᠡᠭᠡᠭᠡᠭᠰᠡᠨ ᠥᠬᠡᠶ ᠪᠣᠯᠬᠤᠷ ᠳᠠᠷᠤᠭᠳᠠᠵᠤ ᠪᠠᠶᠢᠭ᠎ᠠ ᠵᠤᠶᠢᠯ ᠢ ᠰᠢᠢᠳᠪᠤᠷᠢᠯᠡᠵᠤ ᠪᠠᠷᠠᠭᠰᠠᠨ ᠤ ᠳᠠᠷᠠᠭ᠎ᠠ ᠡᠵᠡᠩᠨᠡᠯᠲᠡ ᠪᠠᠨ ᠰᠡᠷᠭᠦᠭᠡᠬᠦ ᠶᠢ ᠲᠦᠷ ᠵᠣᠭᠰᠣᠭᠠᠪᠠ᠃ ᠱᠦᠨ ᠹᠧᠩ᠂ ᠵᠢᠩ ᠳ᠋ᠦᠩ ᠤᠨ ᠳᠡᠭᠡᠳᠦ ᠤᠷᠤᠰᠬᠠᠯ ᠤᠨ ᠬᠤᠪᠢᠶᠠᠨ ᠰᠠᠯᠭᠠᠬᠤ ᠲᠥᠪ ᠲᠠᠬᠢ ᠲᠦᠷᠭᠡᠨ ᠬᠦᠷᠭᠡᠬᠦ ᠵᠦᠢᠯ ᠴᠦ ᠮᠠᠨ ᠤ ᠬᠤᠳᠠ ᠳᠤ ᠵᠠᠯᠭᠠᠯᠳᠤᠭ᠎ᠠ ᠪᠠᠷ ᠬᠦᠷᠴᠦ ᠢᠷᠡᠪᠡ ᠃ ᠡᠭᠦᠨ ᠠᠴᠠ ᠭᠠᠳᠠᠨ᠎ᠠ᠂ ᠬᠤᠲᠠ ᠶᠢᠨ ᠰᠢᠤᠳᠠᠨ ᠤ ᠬᠤᠪᠢᠶᠠᠷᠢ ᠺᠣᠮᠫᠠᠨᠢ ᠴᠤ ᠨᠢᠭᠡᠨᠲᠡ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠭᠰᠡᠨ ᠮᠠᠲ᠋ᠧᠷᠢᠶᠠᠯ ᠢᠶᠠᠨ ᠲᠤᠰᠢᠶᠠᠵᠤ᠂ 11 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ ᠵᠢᠨᠢᠩ ᠲᠣᠭᠤᠷᠢᠭ ᠤᠨ ᠰᠢᠤᠳᠠᠨ ᠤ ᠲᠦᠷᠭᠡᠨ ᠬᠦᠷᠭᠡᠯᠲᠡ ᠶᠢᠨ ᠬᠢᠨᠠᠨ ᠬᠡᠮᠵᠢᠬᠦ ᠬᠠᠮᠢᠶᠠᠷᠤᠯᠲᠠ ᠶᠢᠨ ᠠᠵᠢᠯ ᠤᠨ ᠲᠤᠰᠬᠠᠶ ᠠᠩᠭᠢ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠲᠠᠢ ᠬᠠᠮᠲᠤᠷᠠᠨ ᠰᠢᠤᠳᠠᠨ ᠤ ᠬᠤᠪᠢᠶᠠᠷᠢ ᠺᠣᠮᠫᠠᠨᠢ ᠶᠢᠨ ᠰᠢᠤᠳᠠᠨ ᠤ ᠵᠤᠶᠢᠯ ᠢ ᠰᠠᠯᠭᠠᠨ ᠥᠭᠬᠦ ᠲᠥᠪ ᠢ ᠰᠢᠯᠭᠠᠨ ᠬᠤᠷᠢᠶᠠᠵᠤ ᠳᠠᠭᠤᠰᠬᠠᠭᠠᠳ᠂ 17 ᠤ ᠡᠳᠦᠷ ᠨᠢᠭᠡᠨᠲᠡ ᠠᠵᠢᠯ ᠢᠶᠠᠨ ᠰᠡᠷᠭᠦᠭᠡᠭᠰᠡᠨ ᠪᠠᠶᠢᠨ᠎ᠠ᠃      ᠬᠤᠰᠢᠭᠤ ᠰᠢᠶᠠᠨ ᠤ ᠲᠦᠷᠭᠡᠨ ᠬᠦᠷᠭᠡᠯᠲᠡ ᠶᠢᠨ ᠠᠵᠢᠯ ᠰᠡᠷᠭᠦᠭᠡᠬᠦ ᠲᠠᠯ᠎ᠠ ᠪᠠᠷ᠂ ᠠᠵᠢᠯ ᠰᠡᠷᠭᠦᠭᠡᠬᠦ ᠨᠥᠬᠦᠴᠡᠯ ᠢ ᠪᠦᠷᠢᠯᠳᠦᠭᠦᠯᠦᠭᠰᠡᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠨᠢ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯ ᠰᠡᠷᠭᠦᠭᠡᠬᠦ ᠲᠥᠰᠦᠯ ᠢᠶᠠᠨ ᠲᠤᠰᠢᠶᠠᠵᠤ᠂ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ᠂ ᠬᠤᠰᠢᠭᠤ ᠰᠢᠶᠠᠨ ᠤ ᠰᠢᠤᠳᠠᠨ ᠤ ᠲᠦᠷᠭᠡᠨ ᠬᠦᠷᠭᠡᠯᠲᠡ ᠶᠢᠨ ᠲᠤᠰᠬᠠᠶ ᠠᠩᠭᠢ ᠠᠴᠠ ᠲᠤᠬᠠᠶ ᠶᠢᠨ ᠲᠠᠯᠠᠪᠤᠷ ᠲᠤᠨᠢ ᠰᠢᠯᠭᠠᠨ ᠠᠪᠬᠤ ᠶᠢᠨ ᠬᠠᠮᠲᠤ ᠰᠢᠯᠭᠠᠨ ᠠᠪᠬᠤ ᠬᠦᠰᠦᠨᠦᠭᠲᠦ ᠶᠢ ᠲᠠᠭᠯᠠᠵᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠬᠦᠷᠦᠭᠰᠡᠨ ᠤ ᠳᠠᠷᠠᠭ᠎ᠠ ᠳᠠᠷᠤᠶ ᠠᠵᠢᠯ ᠢᠶᠠᠨ ᠰᠡᠷᠭᠦᠭᠡᠵᠦ ᠪᠣᠯᠤᠨ᠎ᠠ᠃ ᠣᠳᠣᠬᠠᠨ ᠳᠤ᠂ ᠡᠮᠦᠨᠡᠲᠦ ᠬᠤᠰᠢᠭᠤ᠂ ᠳᠤᠮᠳᠠᠳᠤ ᠬᠤᠰᠢᠭᠤ᠂ ᠱᠠᠩᠲᠤ ᠶᠢᠨ ᠬᠡᠰᠡᠭ ᠠᠵᠤ ᠠᠬᠤᠶᠢᠯᠠᠯ ᠵᠠᠯᠭᠠᠭ᠎ᠠ ᠪᠠᠷ ᠠᠵᠢᠯ ᠢᠶᠠᠨ ᠰᠡᠷᠭᠦᠭᠡᠵᠡᠶ᠃      【 ᠰᠢᠦᠳᠠᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠲᠦᠭ ᠲᠦᠮᠡᠨ ᠠᠶᠢᠯ ᠡᠷᠦᠬᠡ ᠲᠠᠢ ᠬᠠᠷᠢᠯᠴᠠᠵᠤ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ︿ᠨᠠᠷᠢᠯᠢᠭ ᠣᠨᠣᠴᠠᠲᠠᠶ ᠴᠢᠨᠠᠷ᠂ ᠰᠢᠰᠲ᠋ᠧᠮᠲᠦ ᠴᠢᠨᠠᠷ﹀ ᠤᠨ ᠱᠠᠭᠠᠷᠳᠠᠯᠭ᠎ᠠ ᠶᠣᠰᠣᠭᠠᠷ᠂ ᠡᠯ᠎ᠡ ᠵᠤᠶᠢᠯ ᠤᠨ ᠠᠵᠢᠯ ᠢ ᠴᠢᠩᠭ᠎ᠠ ᠠᠳᠬᠤᠨ ᠨᠠᠷᠢᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ  ᠤᠶᠢᠯᠡᠳᠪᠤᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠦᠷᠭᠦᠯᠵᠢᠯᠡᠨ ᠵᠣᠬᠢᠴᠠᠭᠤᠯᠵᠤ ᠪᠠᠶᠢᠭᠠᠳ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠤᠨ᠎ᠠ᠃ 】 ᠭᠡᠵᠦ ᠬᠤᠳᠠ ᠶᠢᠨ ᠰᠢᠦᠳᠠᠨ ᠤ ᠬᠠᠮᠢᠶᠠᠷᠤᠯᠲᠠ ᠶᠢᠨ ᠲᠤᠪᠴᠢᠶ᠎ᠡ ᠶᠢᠨ ᠳᠡᠳ᠋ ᠳᠠᠷᠤᠭ᠎ᠠ ᠯᠢᠦ ᠶᠠᠨ ᠴᠢᠶᠠᠩ ᠬᠡᠯᠡᠪᠡ᠃      ᠮᠠᠨ ᠤ ᠬᠤᠲᠠ ᠶᠢᠨ ᠲᠦᠷᠭᠡᠨ ᠬᠦᠷᠭᠡᠯᠲᠡ ᠶᠢᠨ ᠤᠶᠢᠯᠡᠰ ᠤᠨ ᠠᠮᠤᠷ ᠲᠦᠪᠰᠢᠨ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠰᠢᠤᠳᠠᠨ ᠤ ᠲᠣᠪᠴᠢᠶ᠎ᠠ ᠶᠢᠨ ᠬᠠᠮᠢᠶᠠᠷᠤᠯᠲᠠ ᠶᠢᠨ ᠠᠵᠢᠯᠲᠠᠨ ᠠᠵᠢᠯ ᠰᠡᠷᠭᠦᠭᠡᠭᠰᠡᠨ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠢᠨᠠᠯᠲᠠ ᠬᠠᠮᠢᠶᠠᠷᠤᠯᠲᠠ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃ ᠪᠠᠶᠢᠭᠤᠯᠤᠯᠭ᠎ᠠ ᠶᠢᠨ ᠺᠠᠳ᠋ᠷ ᠬᠤᠪᠢᠶᠠᠷᠢᠯᠠᠨ ᠰᠠᠯᠭᠠᠬᠤ ᠲᠥᠪ᠂ ᠲᠦᠷᠭᠡᠨ ᠬᠦᠷᠭᠡᠬᠦ ᠲᠣᠣᠷ ᠴᠡᠭ᠂ ᠬᠤᠪᠢᠶᠠᠷᠢᠯᠠᠨ ᠰᠠᠯᠭᠠᠬᠤ ᠲᠥᠪ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠠᠯᠠᠪᠤᠷ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠷᠤᠮᠵᠢᠯ ᠦᠭᠡᠢ ᠠᠵᠢᠯᠯᠠᠭ᠎ᠠ ᠶᠢ ᠲᠡᠷᠡ ᠳᠠᠷᠤᠢ ᠳᠤᠨᠢ ᠠᠳᠬᠤᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠦᠷᠭᠡᠨ ᠥᠭᠴᠦ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢᠶᠠᠷ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠪᠠ᠃                ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ            ᠵᠣᠬᠢᠶᠠᠭᠴᠢ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ            ᠤᠷᠴᠢᠭᠤᠯᠤᠭᠴᠢ᠄ ᠨᠠᠷᠠᠰᠤ            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3