ᠯᠢ ᠺᠠᠶ ᠳ᠋ᠦᠩ ᠪᠦᠦ ᠯᠢᠶᠠᠨ ᠰᠢᠶᠠᠩ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/11/23
     11 ᠰᠠᠷ᠎ᠠ ᠶᠢᠨ 22᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠪᠦᠦ ᠯᠢᠶᠠᠨ ᠰᠢᠶᠠᠩ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠤᠸᠠᠢ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠺᠠᠶ ᠳ᠋ᠦᠩ ᠤᠷᠢᠳ ᠬᠤᠵᠢᠳ ᠴᠧᠩ ᠭᠤᠸᠠᠨ ᠪᠠᠯᠭᠠᠰᠤᠨ ᠤ ᠰᠢᠩ ᠴᠠᠩ ᠨᠡᠶᠢᠭᠡᠮ ᠲᠣᠭᠤᠷᠢᠭ᠂ ᠰᠢᠩ ᠬᠤᠸᠠ ᠱᠢ ᠶᠢ ᠴᠧᠩ ᠵᠡᠷᠭᠡ ᠪᠠᠭ᠎ᠠ ᠲᠣᠭᠤᠷᠢᠭ ᠲᠤ ᠬᠦᠷᠴᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠪᠡ᠃ ᠡᠭᠦᠨ ᠤ ᠬᠠᠮᠲᠤ᠂ ᠤᠯᠠᠨ ᠤ ᠡᠳᠦᠷ ᠰᠥᠨᠢ ᠶᠢᠨ ᠪᠠᠶᠢᠯᠳᠤᠭᠠᠨ ᠤ ᠬᠢᠵᠢᠭ ᠤᠨ ᠪᠠᠶᠢᠳᠠᠯ ᠳᠤ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠵᠦ᠂ ᠤᠯᠠᠨ ᠢ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠡᠭᠡᠯᠵᠢᠯᠡᠨ ᠠᠮᠠᠷᠠᠬᠤ ᠶᠢ ᠵᠣᠬᠢᠰᠲᠠᠶ ᠲᠣᠬᠢᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠰᠢᠳᠦ ᠪᠠᠨ ᠵᠠᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠨᠢᠭᠡ ᠳᠤ ᠭᠤᠤᠯᠳᠠᠯᠭ᠎ᠠ ᠲᠠᠢ ᠬᠥᠮᠦᠰ ᠤᠨ ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠥᠭᠡᠳ ᠪᠦᠲᠦᠮᠵᠢᠲᠡᠶ ᠠᠷᠭ᠎ᠠ ᠮᠠᠶ᠋ᠢᠭ ᠢ ᠬᠡᠷᠡᠭᠯᠡᠨ᠂ ᠬᠡᠷ ᠲᠡᠭᠡᠨ ᠰᠠᠭᠤᠵᠤ ᠪᠠᠶᠢᠭ᠎ᠠ ᠬᠥᠮᠦᠰ ᠠᠴᠠ ᠭᠠᠳᠠᠭᠰᠢ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠲᠣᠭᠤᠷᠢᠭ ᠤᠨ ᠬᠢᠨ ᠬᠤᠯᠪᠣᠭᠳᠠᠯ ᠪᠥᠬᠦᠶ ᠤᠶᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠡᠳᠬᠢᠴᠡ ᠶᠢᠨ ᠵᠢᠯᠣᠭᠤᠳᠣᠯᠭ᠎ᠠ ᠶᠢ ᠵᠡᠷᠭᠡ ᠪᠠᠷ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠷ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠤᠭ᠎ᠠ ᠪᠠᠷᠢᠮᠲᠠ ᠶᠢ ᠬᠠᠷᠢᠴᠠᠭᠤᠯᠬᠤ ᠪᠠ ᠠᠵᠢᠯᠳᠠᠨ ᠢ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠦᠯᠢᠭᠡᠷ ᠠᠪᠬᠤ ᠶᠢ ᠪᠦᠬᠦᠨ ᠢ ᠪᠦᠷᠬᠦᠬᠦᠯᠬᠦ᠂ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠶᠢᠨ ᠬᠠᠮᠲᠤ ᠠᠷᠢᠭᠤᠳᠬᠠᠵᠤ ᠤᠰᠠᠳᠬᠠᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠭᠤᠣᠯᠳᠠᠯᠭ᠎ᠠ ᠲᠠᠢ ᠬᠥᠮᠦᠰ ᠢ ᠰᠢᠯᠵᠢᠭᠦᠯᠦᠨ ᠵᠥᠭᠡᠭᠡᠪᠦᠷᠢᠯᠡᠬᠦ ᠶᠢ ᠲᠤᠰᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠳᠠᠯ ᠢ ᠣᠯᠵᠤ ᠮᠡᠳᠡᠮᠡᠭᠴᠡ ᠳᠠᠷᠦ᠋ᠢᠬᠠᠨ ᠰᠢᠯᠵᠢᠭᠦᠯᠦᠨ ᠵᠥᠭᠡᠭᠡᠪᠦᠷᠢᠯᠡᠬᠦ ᠶᠢ ᠲᠤᠰᠠᠭᠠᠷᠯᠠᠵᠤ᠂ ᠠᠶᠤᠯ ᠲᠦᠭᠰᠢᠭᠦᠷᠢ ᠯᠡᠪᠡᠷᠡᠬᠦ᠂ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠶ ᠪᠠᠷᠢᠮᠲᠠᠯᠠᠵᠤ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠦᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠨᠠᠷᠢᠨ ᠠᠳᠬᠤᠨ ᠪᠣᠳᠠᠲᠠᠶ ᠪᠠᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠨ ᠬᠠᠮᠠᠭᠠᠯᠠᠬᠤ ᠲᠣᠣᠷ︾᠎ ᠢ ᠨᠢᠭᠲᠠ ᠰᠦᠯᠵᠢᠵᠦ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠷᠭ᠎ᠠ ᠵᠠᠮ ᠢ ᠪᠦᠲᠦᠮᠵᠢᠲᠡᠶ ᠪᠠᠷ ᠲᠠᠰᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠦᠨᠡᠨ ᠬᠦ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ᠃               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3