ᠮᠠᠨ ᠤ ᠰᠢᠶᠠᠨ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠤᠨ ᠪᠠᠶᠢᠷᠢᠯᠠᠭᠤᠯᠤᠯᠲᠠ ᠵᠢᠴᠢ ᠤᠬᠠᠭᠤᠯᠤᠨ ᠲᠠᠶᠢᠯᠪᠤᠷᠢᠯᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/23
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 22᠎ ᠤᠨ ᠡᠳᠦᠷ᠂ ᠰᠢᠩ ᠾᠧ ᠰᠢᠶᠠᠨ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠪᠠᠶᠢᠷᠢᠯᠠᠭᠤᠯᠤᠯᠲᠠ ᠵᠢᠴᠢ ᠤᠬᠠᠭᠤᠯᠤᠨ ᠲᠠᠶᠢᠯᠪᠤᠷᠢᠯᠠᠬᠤ ᠲᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠳᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠵᠥᠪ ᠣᠨᠣᠪᠴᠢᠲᠠᠶ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠦᠷ᠎ᠡ ᠪᠦᠲᠦᠭᠡᠯ ᠢ ᠭᠦᠨᠵᠡᠭᠡᠶ ᠤᠢᠢᠯᠠᠭᠠᠨ ᠡᠵᠡᠮᠰᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠤᠮᠳᠠ ᠭᠦᠨ ᠬᠠᠳᠠᠩᠰᠢᠭᠤᠯᠵᠤ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠦᠬᠦ ᠰᠢᠶᠠᠨ ᠤ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠬᠠᠮᠰᠠᠷ ᠠᠴᠠ ᠪᠠᠨ ᠨᠢᠭᠡᠳᠬᠡᠬᠦ ᠪᠣᠯᠭᠠᠬᠤ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ︽ᠲᠠᠪᠤ ᠶᠢ ᠪᠠᠲᠤ ᠡᠵᠡᠮᠳᠡᠬᠦ︾ ︽ᠶᠢᠰᠦ ᠶᠢ ᠭᠦᠨᠵᠡᠭᠡᠶ ᠣᠶᠢᠯᠠᠭᠠᠬᠤ︾ ᠪᠠ ︽ᠲᠤᠯᠤᠭᠠᠨ ᠠᠩᠬᠠᠷᠤᠯ ᠤᠨ ᠲᠥᠪᠯᠡᠷᠡᠯ︾ ᠵᠡᠷᠭᠡ ᠴᠢᠬᠤᠯᠠ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠰᠤᠷᠤᠯᠴᠠᠯᠭ᠎ᠠ ᠪᠣᠯᠪᠠᠰᠤᠷᠠᠭᠤᠯᠤᠯ᠂ ᠣᠨᠣᠯ ᠤᠨ ᠤᠬᠠᠭᠤᠯᠭ᠎ᠠ᠂ ᠰᠣᠨᠢᠨ ᠮᠡᠳᠡᠭᠡᠨ ᠤ ᠤᠬᠠᠭᠤᠯᠭ᠎ᠠ᠂ ᠨᠡᠶᠢᠭᠡᠮ ᠤᠨ ᠤᠬᠠᠭᠤᠯᠭ᠎ᠠ ᠵᠡᠷᠭᠡ ᠳᠥᠷᠪᠡᠨ ᠲᠠᠯ᠎ᠠ ᠪᠠᠷ ᠪᠥᠬᠦ ᠰᠢᠶᠠᠨ ᠳᠤ ᠰᠤᠷᠤᠯᠴᠠᠯᠭ᠎ᠠ ᠤᠬᠠᠭᠤᠯᠭ᠎ᠠ ᠲᠤᠤᠱᠯᠠᠭᠤᠯᠤᠯᠲᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠶ᠃ ᠤᠬᠠᠭᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠥᠪ ᠴᠢᠭᠯᠡᠯ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠰᠦᠯᠵᠢᠶᠡᠨ ᠳᠡᠭᠡᠷ᠎ᠡ ᠰᠦᠯᠵᠢᠶᠡᠨ ᠭᠠᠳᠠᠨᠠᠬᠢ ᠶᠢ ᠰᠦᠯᠵᠢᠶᠡᠨ ᠳᠤ ᠭᠠᠷᠭᠠᠵᠤ᠂ ᠤᠯᠠᠭᠠᠨᠮᠥ᠋ᠴᠢᠷ᠂ ᠬᠠᠮ ᠵᠠᠭᠤᠴᠢᠯᠠᠭᠤᠷ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ᠂ ᠲᠠᠪᠴᠠᠩ᠂ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠤᠯᠠᠨ ᠬᠡᠯᠪᠡᠷᠢ ᠶᠢᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠵᠦ᠂ ᠡᠨᠡ ᠵᠢᠯ ᠤᠨ ᠠᠵᠢᠯ ᠤᠨ ᠰᠡᠭᠦᠯ ᠬᠤᠷᠢᠶᠠᠬᠤ ᠪᠠ ᠢᠷᠡᠬᠦ ᠵᠢᠯ ᠤᠨ ᠠᠵᠢᠯ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠬᠦᠷᠢᠶᠡᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ᠃          ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3