︽ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠵᠦᠭᠯᠡᠭᠦᠷ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/23
     ᠲᠤᠭᠠᠵᠢᠭᠤᠯᠤᠭᠰᠠᠨ ᠬᠥᠭᠵᠢᠯᠲᠡ ᠶᠢ ᠲᠦᠷᠭᠡᠳᠬᠡᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠲᠤᠭᠠᠵᠢᠭᠤᠯᠤᠭᠰᠠᠨ ᠬᠡᠯᠪᠡᠷᠢ ᠶᠢᠨ ᠬᠤᠪᠢᠷᠠᠭᠤᠯᠤᠯᠲᠠ ᠪᠠᠷ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠭᠤᠤᠯᠯᠠᠬᠤ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠬᠤ ᠶᠢ ᠠᠬᠢᠭᠤᠯᠬᠤ ᠶᠢᠨ ᠲᠥᠯᠥᠭᠡ ᠂ ᠠᠵᠤ ᠦᠢᠯᠡᠳᠪᠤᠡᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠲᠢᠩᠬᠢᠮ ᠣᠶᠢᠷ᠎ᠠ ᠳᠤ ︽ᠳᠤᠮᠳᠠ ᠵᠢᠵᠢᠭ ᠠᠵᠤ ᠠᠬᠤᠶᠢᠯᠠᠯ ᠤᠨ ᠲᠤᠭᠠᠵᠢᠭᠤᠯᠤᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠵᠦᠭᠯᠡᠭᠦᠷ︾ ᠤᠨ ᠠᠭᠤᠯᠭ᠎ᠠ ᠶᠢ ᠣᠶᠢᠯᠠᠭᠠᠬᠤ ᠳᠤ ᠲᠥᠬᠦᠮ ᠪᠣᠯᠭᠠᠵᠤ᠂ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠃      ᠨᠢᠭᠡ᠂ ︽ᠵᠦᠭᠯᠡᠭᠦᠷ︾ ᠢ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠤ ᠠᠬᠤᠶ ᠪᠠᠶᠢᠳᠠᠯ ᠵᠢᠴᠢ ᠭᠤᠣᠯ ᠪᠣᠳᠣᠯᠬᠢᠯᠠᠯ ᠨᠢ ᠶᠠᠭᠤ ᠪᠤᠢ︖      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠡ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠪᠣᠯᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠰᠢ ᠶᠢᠨ ᠫᠢᠩ ᠶᠡᠷᠦᠩᠬᠡᠶ ᠱᠦᠵᠢ ︽ᠳᠤᠮᠳᠠ ᠵᠢᠵᠢᠭ ᠠᠵᠤ ᠠᠬᠤᠶᠢᠯᠠᠯ ᠶᠡᠭᠡ ᠶᠠᠪᠤᠳᠠᠯ ᠢ ᠪᠦᠲᠦᠭᠡᠵᠦ ᠴᠢᠳᠠᠨ᠎ᠠ︾ ᠭᠡᠵᠦ ᠵᠢᠭᠠᠨ ᠭᠠᠷᠭᠠᠵᠤ᠂ ︽ᠲᠣᠭᠠᠴᠢᠯᠠᠬᠤ᠂ ᠰᠦᠯᠵᠢᠶᠡᠵᠢᠬᠦ᠂ ᠤᠶᠤᠨᠴᠢᠯᠠᠬᠤ ᠴᠢᠭᠯᠡᠯ ᠢ ᠡᠵᠡᠮᠳᠡᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠲᠠᠷᠢᠶᠠᠯᠠᠩ ᠵᠡᠷᠭᠡ ᠠᠵᠤ ᠦᠢᠯᠡᠰ ᠤᠨ ᠲᠣᠭᠠᠴᠢᠯᠠᠯᠲᠠ ᠶᠢ ᠲᠦᠯᠬᠢᠨ ᠠᠬᠢᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ︾᠂ ︽ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ︾᠂ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠬᠤ︾᠂ ︽ᠲᠤᠭᠠᠵᠢᠭᠤᠯᠤᠭᠰᠠᠨ ᠠᠵᠤ ᠠᠬᠤᠶ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ︾ ᠬᠡᠷᠡᠭᠲᠡᠶ ᠭᠡᠵᠦ ᠵᠢᠭᠠᠵᠤ ᠭᠠᠷᠭᠠᠭᠰᠠᠨ ᠨᠢ ᠪᠢᠳᠡᠨ ᠤ ᠳᠤᠮᠳᠠ ᠵᠢᠵᠢᠭ ᠠᠵᠤ ᠠᠬᠤᠶᠢᠯᠠᠯ ᠤᠨ ᠲᠤᠭᠠᠵᠢᠭᠤᠯᠤᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃      ︽ᠵᠦᠭᠯᠡᠭᠦᠷ︾ ᠨᠢ ᠨᠠᠮ ᠤᠨ ᠲᠥᠪ ᠬᠤᠷᠢ᠊ ᠡᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠬᠤ ᠶᠢ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠬᠤ ᠲᠠᠨᠢᠯᠲᠠ ᠶᠢ ᠭᠦᠨᠵᠡᠭᠡᠶᠢᠷᠡᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠨᠢᠭᠡ ᠳᠤ᠂ ᠠᠵᠤ ᠠᠬᠤᠢ ᠨᠡᠶᠢᠭᠡᠮ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠯᠲᠠ ᠶᠢᠨ ᠶᠡᠭᠡ ᠬᠠᠨᠳᠤᠰᠢ ᠳᠤ ᠵᠣᠬᠢᠴᠠᠭᠤᠯᠤᠨ᠎ᠠ᠃ ᠣᠳᠣᠬᠠᠨ ᠳᠤ᠂ ᠳᠡᠯᠡᠬᠡᠢ ᠶᠢᠨ ᠠᠵᠤ ᠠᠬᠤᠢ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠨᠢ ᠨᠢᠭᠡᠨᠲᠡ ᠶᠡᠭᠡ ᠬᠠᠨᠳᠤᠰᠢ ᠪᠣᠯᠵᠠᠢ᠃ ᠳᠤᠮᠳᠠ ᠪᠠᠭ᠎ᠠ ᠠᠵᠤ ᠠᠬᠤᠶᠢᠯᠠᠯ ᠤᠨ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠪᠠᠶᠢᠵᠤ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢᠨ ᠭᠤᠣᠯᠳᠠᠯᠭ᠎ᠠ ᠪᠠ ᠬᠦᠴᠢᠷᠳᠡᠯ ᠪᠣᠯᠤᠨ᠎ᠠ᠃ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠨᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠦᠢᠯ ᠤᠨ ᠴᠢᠬᠤᠯᠠ ᠶᠤᠮ᠃ ᠬᠤᠶᠠᠷ ᠲᠤ᠂ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠨᠠᠷᠢᠯᠢᠭ ᠣᠨᠴᠠᠭᠠᠶ ᠰᠢᠨ᠎ᠡ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠣᠭᠠᠴᠢᠯᠠᠭᠰᠠᠨ ᠮᠡᠷᠭᠡᠵᠢᠯ ᠤᠨ ᠰᠤᠳᠤᠯᠤᠨ ᠦᠢᠯᠡᠳᠪᠦᠷᠢᠯᠡᠬᠦ ᠬᠠᠩᠭᠠᠨ ᠪᠣᠷᠣᠯᠠᠭᠤᠯᠬᠤ ᠤᠤᠭᠤᠬᠤ ᠵᠡᠷᠭᠡ ᠡᠯ᠎ᠡ ᠭᠤᠭᠴᠤᠭ᠎ᠠ ᠳᠠᠬᠢ ᠬᠡᠷᠡᠭᠯᠡᠯᠲᠡ ᠶᠢ ᠭᠦᠨᠵᠡᠭᠡᠶᠢᠷᠡᠭᠦᠯᠬᠦ ᠨᠢ ᠡᠨᠧᠷᠭᠢ ᠣᠯᠭᠤᠬᠤ ᠬᠡᠮᠵᠢᠭᠳᠡᠯ ᠣᠯᠭᠤᠬᠤ ᠤᠶᠤᠨ ᠤᠬᠠᠭᠠᠨ ᠣᠯᠭᠤᠬᠤ ᠦᠢᠯᠡᠳᠦᠯ ᠢ ᠪᠠᠳᠠᠷᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠤ ᠲᠡᠰ ᠳᠡᠪᠰᠢᠬᠦ ᠪᠠ ᠵᠠᠭᠪᠤᠷ ᠤᠨ ᠬᠤᠪᠢᠰᠤᠯᠲᠠ ᠶᠢ ᠲᠦᠷᠭᠡᠳᠬᠡᠵᠦ᠂ ᠲᠤᠰᠬᠠᠢ ᠨᠠᠷᠢᠯᠢᠭ ᠣᠨᠴᠠ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠠᠰᠢᠭᠲᠠᠢ ᠶᠤᠮ᠃ ᠭᠤᠷᠪᠠ ᠳᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠷᠭ᠎ᠠ ᠵᠠᠮ ᠤᠨ ᠵᠢᠯᠤᠭᠤᠳᠤᠯᠭ᠎ᠠ ᠵᠢᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠣᠯ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠴᠡᠭ ᠤᠯᠠᠨ᠂ ᠱᠤᠭᠤᠮ ᠤᠷᠳᠤ᠂ ᠬᠡᠪᠴᠢᠶ᠎ᠡ ᠥᠷᠭᠡᠨ᠂ ᠮᠠᠰᠢ ᠴᠢᠩᠭ᠎ᠠ ᠶᠡᠷᠦᠩᠬᠡᠶᠢᠯᠡᠭᠰᠡᠨ ᠴᠢᠨᠠᠷ᠂ ᠰᠣᠯᠪᠢᠴᠠᠯᠳᠤ ᠴᠢᠨᠠᠷ ᠪᠠ ᠪᠤᠳᠤᠯᠢᠶᠠᠨᠲᠤ ᠴᠢᠨᠠᠷ ᠲᠠᠢ ᠪᠠᠶᠢᠳᠠᠭ᠃ ᠤᠯᠠᠨ ᠲᠠᠯ᠎ᠠ ᠶᠢᠨ ᠢᠨᠵᠧᠨᠧᠷᠢᠩ ᠤᠨ ᠬᠡᠯᠪᠡᠷᠢ ᠶᠢ ᠬᠤᠪᠢᠷᠠᠭᠤᠯᠬᠤ ᠪᠣᠯ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠴᠡᠭ ᠤᠯᠠᠨ᠂ ᠱᠤᠭᠤᠮ ᠤᠷᠳᠤ᠂ ᠬᠡᠪᠴᠢᠶ᠎ᠡ ᠪᠠᠷ ᠥᠷᠭᠡᠨ᠂ ᠮᠠᠰᠢ ᠴᠢᠩᠭ᠎ᠠ ᠶᠡᠷᠦᠩᠬᠡᠶᠢᠯᠡᠭᠰᠡᠨ ᠴᠢᠨᠠᠷ᠂ ᠰᠣᠯᠪᠢᠴᠠᠯᠳᠤ ᠴᠢᠨᠠᠷ ᠪᠠ ᠪᠤᠳᠤᠯᠢᠶᠠᠨᠲᠤ ᠴᠢᠨᠠᠷ ᠲᠠᠢ ᠪᠠᠶᠢᠳᠠᠭ᠃ ︽ᠵᠦᠭᠯᠡᠭᠦᠷ︾ ᠨᠢ ᠬᠡᠯᠪᠡᠷᠢ ᠶᠢ ᠬᠤᠪᠢᠷᠠᠭᠤᠯᠬᠤ ᠳᠤ ᠬᠡᠷᠡᠭᠰᠡᠬᠦ ᠲᠠᠯ᠎ᠠ᠂ ᠬᠠᠩᠭᠠᠬᠤ ᠲᠠᠯ᠎ᠠ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠪᠰᠤᠷᠤᠨ ᠪᠠᠶᠢᠷᠢ ᠲᠣᠭᠲᠠᠭᠠᠯᠲᠠ ᠪᠣᠯᠤᠨ ᠠᠷᠭ᠎ᠠ ᠵᠠᠮ ᠢ ᠨᠢ ᠲᠣᠳᠣᠷᠬᠠᠶᠢᠯᠠᠵᠤ᠂ ᠬᠡᠯᠪᠡᠷᠢ ᠶᠢ ᠬᠤᠪᠢᠷᠠᠭᠤᠯᠬᠤ ᠬᠠᠮᠲᠤᠷᠠᠯ ᠤᠨ ᠬᠦᠴᠦᠨ ᠢ ᠴᠢᠩᠭᠠᠷᠠᠭᠤᠯᠬᠤ ᠶᠢᠨ ᠲᠥᠯᠥᠭᠡ ᠶᠤᠮ᠃      ᠬᠤᠶᠠᠷ᠂ ︽ᠵᠦᠭᠯᠡᠭᠦᠷ︾ ᠤᠨ ᠬᠡᠷᠡᠭᠯᠡᠭᠳᠡᠬᠦ ᠬᠡᠪᠴᠢᠶ᠎ᠡ ᠵᠢᠴᠢ ᠡᠲᠡᠭᠡᠳ ᠨᠢ ᠶᠠᠭᠤ ᠪᠤᠢ︖      ︽ᠵᠦᠭᠯᠡᠭᠦᠷ︾ ᠤᠨ ᠬᠡᠷᠡᠭᠯᠡᠭᠳᠡᠬᠦ ᠬᠡᠪᠴᠢᠶ᠎ᠡ ᠵᠢᠴᠢ ᠡᠲᠡᠭᠡᠳ  ᠳᠤ ᠭᠤᠷᠪᠠᠨ ᠲᠠᠯ᠎ᠠ ᠪᠠᠭᠲᠠᠨ᠎ᠠ᠄ ᠨᠢᠭᠡ ᠳᠤ᠂ ᠬᠡᠷᠡᠭᠰᠡᠬᠦ ᠲᠠᠯ᠎ᠠ᠂ ᠲᠤᠬᠠᠶᠢᠯᠠᠪᠠᠯ ᠳᠤᠮᠳᠠ ᠵᠢᠵᠢᠭ ᠠᠵᠤ ᠠᠬᠤᠶᠢᠯᠠᠯ᠂ ᠢᠯᠠᠩᠭᠤᠶ᠎ᠠ ᠦᠢᠯᠡᠳᠬᠦ ᠦᠢᠯᠡᠰ ᠤᠨ ᠳᠤᠮᠳᠠ ᠵᠢᠵᠢᠭ ᠠᠵᠤ ᠠᠬᠤᠶᠢᠯᠠᠯ ᠪᠣᠯᠤᠨ᠎ᠠ᠂ ᠡᠭᠦᠨ ᠤ ᠵᠣᠷᠢᠯᠭ᠎ᠠ ᠨᠢ ᠳᠤᠮᠳᠠ ᠵᠢᠵᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠡᠯᠪᠡᠷᠢ ᠪᠠᠨ ᠬᠤᠪᠢᠷᠠᠭᠤᠯᠬᠤ ᠰᠡᠳᠬᠢᠴᠡ ᠶᠢ ᠨᠢ ᠲᠣᠳᠣᠷᠬᠠᠶ ᠪᠣᠯᠭᠠᠵᠤ᠂ ᠬᠡᠯᠪᠡᠷᠢ ᠪᠠᠨ ᠬᠤᠪᠢᠷᠠᠭᠤᠯᠬᠤ ᠦᠢᠯᠡᠳᠦᠯᠭᠡ ᠶᠢ ᠨᠢ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠬᠤ ᠦᠢᠯᠡᠳᠦᠯ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ ᠬᠤᠶᠠᠷ ᠲᠤ᠂ ᠬᠠᠩᠭᠠᠯᠭ᠎ᠠ ᠶᠢᠨ ᠲᠠᠯ᠎ᠠ᠂ ᠲᠤᠬᠠᠶᠢᠯᠠᠪᠠᠯ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ  ᠦᠢᠯᠡᠴᠢᠯᠡᠭᠡᠨ ᠤ ᠬᠤᠳᠠᠯᠳᠤᠭᠠᠴᠢᠨ ᠵᠡᠷᠭᠡ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠪᠣᠯᠤᠨ᠎ᠠ᠂ ᠡᠭᠦᠨ ᠤ ᠵᠣᠷᠢᠯᠭ᠎ᠠ ᠨᠢ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢᠭᠤᠷᠪᠠ ᠳᠤ᠂ ᠣᠷᠣᠨ ᠨᠤᠲᠤᠭ ᠤᠨ ᠡᠯ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠬᠢᠴᠠ ᠶᠢ ᠲᠦᠷᠭᠡᠳᠬᠡᠬᠦ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃      ᠭᠤᠷᠪᠠ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠵᠢᠯ ᠤᠨ ᠰᠡᠳᠬᠢᠴᠡ ᠨᠢ ᠶᠠᠭᠤ ᠪᠤᠢ︖      ᠡᠭᠦᠨ ᠳᠤ ᠭᠤᠣᠯᠳᠠᠭᠤ ᠲᠦᠷᠪᠡᠨ ᠲᠠᠯ᠎ᠠ ᠪᠤᠢ᠄      ᠨᠢᠭᠡ ᠳᠤ᠂ ᠬᠢᠯᠪᠠᠷ ᠠᠴᠠ ᠬᠦᠴᠢᠷ ᠲᠤ ᠬᠦᠷᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠳ ᠵᠢᠵᠢᠭ ᠬᠡᠯᠪᠡᠷᠢ ᠶᠢᠨ᠂ ᠲᠦᠷᠭᠡᠨ ᠬᠡᠯᠪᠡᠷᠢ ᠶᠢᠨ᠂ ᠬᠥᠩᠭᠡᠨ ᠬᠡᠮᠵᠢᠶᠡᠨ ᠤ᠂ ᠨᠠᠷᠢᠯᠢᠭ ᠣᠨᠣᠴᠠᠲᠠᠶ ︵︽ᠵᠢᠵᠢᠭ ᠲᠦᠷᠭᠡᠨ ᠬᠥᠩᠭᠡᠨ ᠣᠨᠣᠪᠴᠢᠲᠠᠶ︾︶ ᠶᠢᠨ ᠬᠡᠷᠡᠭᠯᠡᠯᠲᠡ ᠪᠠ ᠵᠠᠬᠢᠶᠠᠯᠠᠭ᠎ᠠ ᠶᠢᠨ ᠮᠠᠶ᠋ᠢᠭ ᠤᠨ ᠦᠢᠯᠡᠴᠢᠯᠡᠭᠡ ᠶᠢ ᠭᠦᠢᠴᠡᠳ ᠬᠡᠷᠡᠭᠯᠡᠵᠦ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠪᠠᠷᠢᠮᠵᠢᠶ᠎ᠠ ᠶᠢ ᠳᠣᠷᠣᠭᠰᠢᠯᠠᠭᠤᠯᠬᠤ ᠬᠡᠷᠡᠭᠲᠡᠶ᠃ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠬᠤ ᠪᠠ ᠴᠤᠭᠯᠠᠭᠤᠯᠬᠤ ᠶᠢ ᠤᠷᠢᠳᠠᠪᠠᠷ ᠠᠬᠢᠭᠤᠯᠵᠤ᠂ ᠳᠠᠬᠢᠨ ᠳ᠋ᠠᠶᠢᠲ᠋ᠠ ᠶᠢᠨ ᠥᠷᠲᠡᠭ ᠢ ᠠᠯᠬᠤᠮ ᠠᠯᠬᠤᠮ ᠢᠶᠠᠷ ᠠᠭᠤᠳᠠᠯᠤᠨ᠎ᠠ᠃ ᠪᠣᠯᠪᠠᠰᠤᠷᠠᠩᠭᠤᠶ ᠪᠣᠯᠤᠭᠰᠠᠨ ᠲᠤᠭᠠᠵᠢᠭᠤᠯᠤᠭᠰᠠᠨ ᠦᠢᠯᠡᠳᠭᠦᠨ ᠤ ᠦᠢᠯᠡᠴᠢᠯᠡᠭᠡ ᠶᠢ ᠤᠷᠢᠳᠠᠪᠠᠷ ᠬᠡᠷᠡᠭᠯᠡᠨ ᠰᠠᠭᠤᠷᠢ ᠨᠡᠶᠢᠲᠡᠴᠢ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠪᠠ ᠠᠵᠢᠯ ᠲᠥᠷᠥᠯ ᠤᠨ ᠥᠪᠡᠷᠮᠢᠴᠡ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠲᠣᠰ ᠪᠡᠶ᠎ᠡ ᠶᠢᠨ ᠲᠤᠭᠠᠵᠢᠭᠤᠯᠤᠭᠰᠠᠨ ᠴᠢᠳᠠᠪᠤᠷᠢ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠪᠡᠷᠮᠢᠴᠡ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠬᠤᠶᠠᠷ ᠲᠤ᠂ ᠴᠡᠭ ᠠᠴᠠ ᠪᠦᠬᠦ ᠲᠠᠯ᠎ᠠ ᠳᠤ ᠬᠦᠷᠬᠦ᠃ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠣᠷᠣᠭᠤᠯᠤᠯᠲᠠ ᠶᠢᠨ ᠡᠬᠢ ᠪᠠᠶᠠᠯᠢᠭ ᠬᠢᠵᠠᠭᠠᠷ ᠲᠠᠢ ᠪᠣᠯᠬᠤᠷ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠡᠷᠢᠭᠦᠨ ᠳᠡᠰ ᠢ ᠲᠣᠳᠣᠷᠬᠠᠶᠢᠯᠠᠵᠤ᠂ ᠬᠡᠯᠪᠡᠷᠢ ᠶᠢ ᠬᠤᠪᠢᠷᠠᠭᠤᠯᠬᠤ ᠠᠷᠭ᠎ᠠ ᠵᠠᠮ ᠢ ᠵᠣᠬᠢᠰᠲᠠᠢ ᠲᠥᠯᠥᠪᠵᠢᠭᠦᠯᠬᠦ ᠴᠢᠬᠤᠯᠠᠲᠠᠢ᠃ ᠰᠠᠭᠤᠷᠢ ᠨᠢ ᠯᠠᠪᠳᠠᠭᠤᠨ ᠪᠠᠲᠤᠲᠠᠢ᠂ ᠳᠠᠯᠳᠠ ᠦᠷᠳᠡᠭ ᠨᠢ ᠥᠨᠳᠥᠷ ᠵᠠᠩᠭᠢᠯᠠᠭ᠎ᠠ ᠠᠴᠠ ᠤᠷᠢᠳ ᠢᠶᠠᠷ ᠰᠢᠷᠭᠤᠨ ᠣᠷᠣᠵᠤ᠂ ᠲᠠᠬᠢᠨ ᠲᠤᠬᠠᠶᠢᠯᠠᠭᠰᠠᠨ ᠠᠵᠢᠯ ᠤᠨ ᠭᠤᠭᠴᠤᠭ᠎ᠠ ᠪᠠ ᠬᠠᠮᠢᠶᠠᠷᠤᠯᠲᠠ ᠶᠢᠨ ᠭᠤᠭᠴᠤᠭ᠎ᠠ ᠳᠠᠬᠢ ᠲᠣᠭᠠᠴᠢᠯᠠᠭᠰᠠᠨ ᠪᠦᠷᠬᠦᠴᠡ ᠶᠢᠨ  ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠲᠤᠭ᠎ᠠ ᠪᠠᠷᠢᠮᠲᠠ ᠶᠢ ᠨᠡᠪᠲᠡᠷᠡᠭᠦᠯᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ ᠪᠣᠯᠤᠨ᠎ᠠ᠃      ᠭᠤᠷᠪᠠ ᠳᠤ᠂ ᠤᠷᠳᠤ ᠬᠤᠭᠤᠴᠠᠭ᠎ᠠ ᠪᠠᠷ ᠳᠠᠪᠲᠠᠨ ᠣᠷᠣᠯᠠᠭᠤᠯᠬᠤ᠃ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠣᠯ ᠠᠭᠠᠵᠢᠮ ᠢᠶᠠᠷ ᠬᠥᠭᠵᠢᠬᠦ᠂ ᠡᠷᠭᠢᠭᠦᠯᠭᠡ ᠪᠠᠷ ᠳᠡᠭᠡᠭᠰᠢᠯᠡᠬᠦ ᠤᠷᠳᠤ ᠬᠤᠭᠤᠴᠠᠭᠠᠨ ᠤ ᠶᠠᠪᠤᠴᠠ ᠪᠣᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠳ ᠬᠡᠯᠪᠡᠷᠢ ᠪᠠᠨ ᠬᠤᠪᠢᠷᠠᠭᠤᠯᠬᠤ ᠠᠬᠢᠴᠠ ᠪᠠ ᠦᠷ᠎ᠡ ᠪᠦᠲᠦᠮᠵᠢ ᠶᠢ ᠴᠠᠭ  ᠲᠤ ᠨᠢ ᠲᠣᠬᠢᠷᠠᠭᠤᠯᠤᠨ ᠦᠨᠡᠯᠡᠨ ᠵᠢᠱᠢᠵᠦ᠂ ᠬᠡᠯᠪᠡᠷᠢ ᠪᠠᠨ ᠬᠤᠪᠢᠷᠠᠭᠤᠯᠬᠤ ᠠᠷᠭ᠎ᠠ ᠪᠤᠳᠤᠯᠭ᠎ᠠ ᠶᠢ ᠴᠠᠭ ᠬᠤᠭᠤᠴᠠᠭ᠎ᠠ ᠪᠠ ᠪᠠᠶᠢᠳᠠᠯ ᠳᠤ ᠨᠢ ᠲᠣᠬᠢᠷᠠᠭᠤᠯᠤᠨ ᠰᠢᠯᠢᠳᠡᠭᠵᠢᠭᠦᠯᠵᠦ᠂ ︽ᠦᠨᠡᠯᠡᠨ ᠵᠢᠱᠢᠬᠦ - ᠲᠥᠯᠥᠪᠵᠢᠭᠦᠯᠬᠦ - ᠬᠡᠷᠡᠭᠵᠢᠭᠦᠯᠬᠦ - ᠰᠢᠯᠢᠳᠡᠭᠵᠢᠭᠦᠯᠬᠦ︾ ᠯᠣᠭᠢᠭ ᠤᠨ ᠪᠢᠲᠡᠭᠦᠦ ᠴᠠᠭᠠᠷᠢᠭ ᠤᠨ ᠶᠣᠰᠣᠭᠠᠷ᠂ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠥᠨᠢ ᠤᠳᠠᠭᠠᠨ ᠴᠢᠷᠮᠠᠶᠢᠬᠤ ᠬᠡᠷᠡᠭᠲᠡᠶ᠃      ᠲᠦᠷᠪᠡ ᠳᠤ᠂ ᠤᠯᠠᠨ ᠲᠠᠯ᠎ᠠ ᠪᠠᠷ ᠬᠠᠮᠵᠢᠯᠴᠠᠨ᠎ᠠ᠃ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ︽ᠭᠤᠩ ᠪᠡᠶ᠎ᠡ ᠭᠤᠵᠣᠩ ᠲᠣᠯᠣᠭᠠᠢ︾ ᠪᠠᠶᠢᠵᠤ ᠪᠣᠯᠬᠤ ᠦᠭᠡᠢ᠂ ᠤᠯᠠᠨ ᠲᠠᠯ᠎ᠠ ᠪᠠᠷ ᠬᠠᠮᠵᠢᠯᠴᠠᠨ ᠬᠦᠴᠦᠯᠡᠬᠦ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠨᠢ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠤᠬᠠᠮᠰᠠᠷ ᠪᠣᠯᠤᠨ ᠲᠤᠰ ᠪᠡᠶ᠎ᠡ ᠶᠢᠨ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡ ᠬᠠᠩᠭᠠᠬᠤ ᠲᠠᠯ᠎ᠠ ᠨᠢ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠦᠢᠯᠡᠳᠬᠦᠨ ᠤ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠰᠠᠶᠢᠲᠤᠷ ᠬᠢᠵᠦ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃      ᠲᠦᠷᠪᠡ᠂ ︽ᠵᠦᠭᠯᠡᠭᠦᠷ︾ ᠨᠢ ᠳᠤᠮᠳᠠ ᠵᠢᠵᠢᠭ ᠠᠵᠤ ᠠᠬᠤᠶᠢᠯᠠᠯ ᠢ ᠵᠢᠯᠣᠭᠤᠳᠤᠨ ᠳᠤᠭᠠᠴᠠᠯᠠᠭᠰᠠᠨ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠵᠠᠮ ᠪᠠ ᠠᠷᠭ᠎ᠠ ᠶᠢ ᠳᠤᠷᠠᠳᠤᠭᠰᠠᠨ ᠪᠤᠢ︖      ︽ᠵᠢᠭᠠᠯᠲᠠ︾ ᠶᠢᠨ ᠬᠤᠶᠠᠳᠤᠭᠠᠷ ᠬᠡᠰᠡᠭ ︽ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠴᠢᠳᠠᠪᠤᠷᠢ ᠶᠢ ᠨᠡᠮᠡᠭᠳᠡᠭᠦᠯᠬᠦ︾ ᠶᠢ ᠭᠤᠣᠯᠳᠠᠭᠤ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠵᠤ᠂ ᠲᠤᠭᠠᠵᠢᠭᠤᠯᠤᠭᠰᠠᠨ ᠦᠨᠡᠯᠡᠨ ᠵᠢᠱᠢᠯᠲᠡ ᠬᠢᠬᠦ᠂ ᠬᠠᠮᠢᠶᠠᠷᠤᠯᠲᠠ ᠶᠢ ᠲᠤᠭᠠᠵᠢᠭᠤᠯᠬᠤ᠂ ᠲᠤᠬᠠᠶᠢᠯᠠᠭᠰᠠᠨ ᠠᠵᠢᠯ ᠢ ᠲᠤᠭᠠᠵᠢᠭᠤᠯᠬᠤ᠂ ᠲᠤᠭᠠᠵᠢᠭᠤᠯᠤᠭᠰᠠᠨ ᠠᠮᠢ ᠠᠬᠤᠶ ᠳᠤ ᠠᠭᠤᠰᠤᠯᠴᠠᠭᠤᠯᠬᠤ᠂ ᠲᠤᠭᠠᠵᠢᠭᠤᠯᠤᠭᠰᠠᠨ ᠦᠢᠯᠡᠳᠦᠯᠭᠡ ᠶᠢ ᠰᠢᠯᠢᠳᠡᠭᠵᠢᠭᠦᠯᠬᠦ ᠵᠡᠷᠭᠡ ᠲᠠᠪᠤᠨ ᠲᠠᠯ᠎ᠠ ᠠᠴᠠ ᠬᠡᠯᠪᠡᠷᠢ ᠪᠠᠨ ᠬᠤᠪᠢᠷᠠᠭᠤᠯᠬᠤ ᠠᠷᠭ᠎ᠠ ᠵᠠᠮ ᠢ ᠳᠤᠷᠠᠳᠤᠨ ᠭᠠᠷᠭᠠᠵᠠᠶ᠂ ᠡᠭᠦᠨ ᠤ ᠵᠣᠷᠢᠯᠭ᠎ᠠ ᠨᠢ ᠳᠤᠮᠳᠠ ᠵᠢᠵᠢᠭ ᠠᠵᠤ ᠠᠬᠤᠶᠢᠯᠠᠯ ᠤᠨ ᠲᠤᠰ ᠪᠡᠶ᠎ᠡ ᠶᠢᠨ ᠬᠡᠯᠪᠡᠷᠢ ᠪᠠᠨ ᠬᠤᠪᠢᠷᠠᠭᠤᠯᠬᠤ ᠬᠥᠳᠡᠯᠭᠡᠭᠴᠢ ᠡᠨᠧᠷᠭᠢ ᠶᠢ ᠭᠦᠢᠴᠡᠳ ᠬᠥᠭᠵᠢᠭᠡᠵᠦ᠂ ︽ᠦᠨᠡᠯᠡᠨ ᠵᠢᠱᠢᠬᠦ - ᠲᠥᠯᠥᠪᠵᠢᠭᠦᠯᠬᠦ - ᠬᠡᠷᠡᠭᠵᠢᠭᠦᠯᠬᠦ - ᠰᠢᠯᠢᠳᠡᠭᠵᠢᠭᠦᠯᠬᠦ︾ ᠯᠣᠭᠢᠭ ᠤᠨ ᠪᠢᠲᠡᠭᠦᠦ ᠴᠠᠭᠠᠷᠢᠭ ᠶᠣᠰᠣᠭᠠᠷ᠂ ᠲᠤᠭᠠᠵᠢᠭᠤᠯᠤᠭᠰᠠᠨ ᠬᠡᠯᠪᠡᠷᠢ ᠪᠠᠨ ᠬᠤᠪᠢᠷᠠᠭᠤᠯᠬᠤ ᠶᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢᠨ ᠲᠥᠯᠥᠭᠡ ᠶᠤᠮ᠃      ᠨᠢᠭᠡ ᠳᠤ᠂ ᠲᠣᠭᠠᠴᠢᠯᠠᠭᠰᠠᠨ ᠦᠨᠡᠯᠡᠯᠲᠡ ᠶᠢ ᠥᠷᠨᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠨᠢ ᠲᠣᠭᠠᠴᠢᠯᠠᠭᠰᠠᠨ ᠰᠠᠭᠤᠷᠢ ᠬᠢᠷᠢ ᠲᠦᠪᠰᠢᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠣᠳᠣᠬᠢ ᠪᠠᠶᠢᠳᠠᠯ᠂ ᠳᠣᠲᠣᠭᠠᠳᠤ ᠭᠠᠳᠠᠭᠠᠳᠤ ᠬᠡᠯᠪᠡᠷᠢ ᠪᠠᠨ ᠬᠤᠪᠢᠷᠠᠭᠤᠯᠬᠤ ᠡᠬᠢ ᠪᠠᠶᠠᠯᠢᠭ ᠵᠡᠷᠭᠡ ᠲᠠᠯ᠎ᠠ ᠪᠠᠷ ᠲᠣᠭᠠᠴᠢᠯᠠᠭᠰᠠᠨ ᠦᠨᠡᠯᠡᠨ ᠵᠢᠱᠢᠯᠲᠡ ᠬᠢᠵᠦ᠂ ᠲᠤᠬᠠᠶᠢᠯᠠᠭᠰᠠᠨ ᠠᠵᠢᠯ ᠤᠨ ᠭᠤᠭᠴᠤᠭ᠎ᠠ ᠪᠠ ᠬᠠᠮᠢᠶᠠᠷᠤᠯᠲᠠ ᠶᠢᠨ ᠭᠤᠭᠴᠤᠭ᠎ᠠ ᠶᠢᠨ ᠳᠠᠯᠳᠠ ᠬᠡᠯᠪᠡᠷᠢ ᠪᠠᠨ ᠬᠤᠪᠢᠷᠠᠭᠤᠯᠬᠤ ᠥᠷᠲᠡᠭ ᠲᠠᠢ ᠤᠶᠠᠯᠳᠤᠭᠤᠯᠤᠨ᠂ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢᠨ ᠲᠡᠷᠢᠭᠦᠯᠡᠬᠦ ᠲᠠᠰ ᠢ ᠲᠣᠳᠣᠷᠬᠠᠶᠢᠯᠠᠵᠤ᠂ ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠬᠤᠶᠠᠷ ᠲᠤ᠂ ᠬᠠᠮᠢᠶᠠᠷᠤᠯᠲᠠ ᠶᠢᠨ ᠲᠣᠭᠠᠴᠢᠯᠠᠯᠲᠠ ᠶᠢ ᠠᠬᠢᠭᠤᠯᠤᠨ᠎ᠠ᠃ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ᠬᠡᠯᠪᠡᠷᠢ ᠶᠢ ᠬᠤᠪᠢᠷᠠᠭᠤᠯᠬᠤ ᠯᠤᠭ᠎ᠠ ᠲᠤᠬᠢᠷᠠᠯᠴᠠᠭᠰᠠᠠ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠣᠯᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠲᠣᠭᠠᠴᠢᠯᠠᠭᠰᠠᠨ ᠴᠢᠳᠠᠪᠤᠷᠢᠲᠠᠨ ᠤ ᠪᠣᠯᠪᠠᠰᠤᠷᠠᠯ ᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠤᠯᠤᠯᠴᠠᠭ᠎ᠠ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠰᠢᠢᠳᠪᠦᠷᠢᠲᠦ ᠪᠤᠳᠤᠯᠭ᠎ᠠ ᠶᠢ ᠰᠢᠯᠢᠳᠡᠭᠵᠢᠭᠦᠯᠬᠦ ᠬᠡᠷᠡᠭᠲᠡᠢ᠃      ᠭᠤᠷᠪᠠ ᠳᠤ᠂ ᠲᠤᠬᠠᠶᠢᠯᠠᠭᠰᠠᠨ ᠠᠵᠢᠯ ᠤᠨ ᠲᠣᠭᠠᠴᠢᠯᠠᠯᠲᠠ ᠶᠢ ᠥᠷᠨᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠳ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠥᠷᠨᠢᠭᠦᠯᠬᠦ ᠶᠠᠪᠤᠴᠠ ᠳᠤ᠂ ᠵᠠᠬᠢᠶᠠᠯᠠᠭ᠎ᠠ ᠶᠢᠨ ᠮᠠᠶ᠋ᠢᠭ ᠤᠨ ᠦᠢᠯᠡᠴᠢᠯᠡᠭᠡ ᠶᠢ ᠭᠦᠢᠴᠡᠳ ᠬᠡᠷᠡᠭᠯᠡᠵᠦ᠂ ᠬᠥᠩᠭᠡᠨ ᠬᠡᠮᠵᠢᠶᠡᠵᠢᠭᠦᠯᠦᠭᠰᠡᠨ  ᠦᠢᠯᠡᠳᠭᠦᠨ ᠵᠡᠷᠭᠡ ᠪᠠᠷ ᠬᠡᠯᠪᠡᠷᠢ ᠪᠠᠨ ᠬᠤᠪᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠲᠤᠬᠠᠶᠢᠯᠠᠭᠰᠠᠨ ᠠᠵᠢᠯ ᠤᠨ ᠭᠤᠭᠴᠤᠭ᠎ᠠ ᠶᠢᠨ ᠬᠡᠯᠪᠡᠷᠢ ᠶᠢ ᠬᠤᠪᠢᠷᠠᠭᠤᠯᠬᠤ ᠶᠢ ᠥᠷᠨᠢᠭᠦᠯᠵᠦ᠂ ᠦᠢᠯᠡᠳᠬᠦᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠲᠤᠭᠠᠵᠢᠭᠤᠯᠤᠭᠰᠠᠨ ᠦᠢᠯᠡᠳᠬᠦᠨ ᠳᠤ ᠰᠠᠭᠤᠷᠢᠯᠠᠭᠰᠠᠨ ᠦᠷᠳᠡᠭ ᠨᠡᠮᠡᠭᠳᠡᠯ ᠤᠨ ᠦᠢᠯᠡᠴᠢᠯᠡᠭᠡ ᠶᠢ ᠬᠥᠭᠵᠢᠭᠦᠯᠦᠨ᠎ᠡ᠃      ᠲᠦᠷᠪᠡ ᠳᠤ᠂ ᠲᠣᠭᠠᠴᠢᠯᠠᠭᠰᠠᠨ ᠠᠮᠢ ᠠᠬᠤᠢ ᠳᠤ ᠠᠭᠤᠰᠤᠯᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠳ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶᠡᠨ ᠤ ᠭᠤᠤᠯᠯᠠᠬᠤ ᠠᠵᠤ ᠠᠬᠤᠶᠢᠯᠠᠯ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠠᠵᠤ  ᠦᠢᠯᠡᠰ ᠤᠨ ᠪᠦᠯᠦᠭᠯᠡᠯ ᠵᠡᠷᠭᠡ ᠠᠮᠢ ᠠᠬᠤᠶ ᠶᠢᠨ ᠡᠬᠢ ᠪᠠᠶᠠᠯᠢᠭ ᠲᠠᠢ ᠢᠳᠡᠪᠬᠢᠲᠡᠶ ᠪᠠᠷ ᠵᠣᠯᠭᠠᠭᠤᠯᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠳᠤ ᠰᠠᠭᠤᠷᠢᠯᠠᠨ ᠬᠠᠮᠵᠢᠯᠴᠠᠨ ᠢᠵᠢ ᠪᠥᠷᠢᠳᠦᠭᠦᠯᠬᠦ ᠶᠢ ᠭᠦᠨᠵᠡᠭᠡᠶᠢᠷᠡᠭᠦᠯᠵᠦ᠂ ᠨᠡᠶᠢᠲᠡᠴᠢ ᠴᠢᠨᠠᠷᠲᠠᠶ ᠮᠡᠷᠭᠡᠵᠢᠯ ᠤᠨ ᠲᠠᠪᠴᠠᠩ ᠢ ᠠᠰᠢᠭᠯᠠᠨ ᠬᠠᠮᠵᠢᠯᠴᠠᠨ ᠰᠢᠨ᠎ᠡ ᠶᠢ ᠡᠭᠦᠳᠬᠦ ᠶᠢ ᠥᠷᠨᠢᠭᠦᠯᠬᠦ ᠬᠡᠷᠡᠭᠲᠡᠶ᠃      ᠲᠠᠪᠤ ᠳᠤ᠂ ᠲᠣᠭᠠᠴᠢᠯᠠᠭᠰᠠᠨ ᠦᠢᠯᠡᠳᠦᠯᠭᠡ ᠶᠢ ᠰᠢᠯᠢᠳᠡᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠨᠢ ᠲᠣᠭᠠᠵᠢᠭᠤᠯᠬᠤ ᠬᠢᠷᠢ ᠬᠡᠮᠵᠢᠶ᠎ᠡ ᠪᠠ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠲᠠᠯ᠎ᠠ ᠪᠠᠷ ᠲᠣᠭᠠᠵᠢᠭᠤᠯᠬᠤ ᠬᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠣᠳᠣᠬᠢ ᠱᠠᠲᠤᠨ ᠤ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠬᠡᠯᠪᠡᠷᠢ ᠪᠠᠨ ᠬᠤᠪᠢᠷᠠᠭᠤᠯᠤᠭᠰᠠᠨ ᠣᠳᠣᠬᠢ ᠪᠠᠶᠢᠳᠠᠯ ᠢ ᠦᠨᠳᠦᠰᠦᠯᠡᠨ ᠲᠣᠭᠠᠵᠢᠭᠤᠯᠬᠤ ᠬᠡᠯᠪᠡᠷᠢ ᠪᠠᠨ ᠬᠤᠪᠢᠷᠠᠭᠤᠯᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠵᠣᠬᠢᠬᠤ ᠲᠣᠭᠠᠵᠢᠭᠤᠯᠬᠤ ᠦᠢᠯᠡᠳᠭᠦᠨ ᠪᠠ ᠦᠢᠯᠡᠴᠢᠯᠡᠭᠡ ᠶᠢ ᠰᠣᠩᠭᠤᠨ ᠬᠡᠷᠡᠭᠯᠡᠵᠦ᠂ ᠬᠡᠯᠪᠡᠷᠢ ᠪᠠᠨ ᠬᠤᠪᠢᠷᠠᠭᠤᠯᠬᠤ ᠠᠷᠭ᠎ᠠ ᠪᠣᠳᠣᠯᠭ᠎ᠠ ᠶᠢᠨ ᠵᠣᠬᠢᠴᠠᠬᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠲᠠᠪᠤ᠂ ︽ᠵᠦᠭᠯᠡᠭᠦᠷ︾ ᠨᠢ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠬᠠᠩᠭᠠᠯᠭ᠎ᠠ ᠶᠢ ᠳᠡᠭᠡᠭᠰᠢᠯᠡᠭᠦᠯᠬᠦ ᠳᠤ ᠶᠠᠮᠠᠷ ᠪᠣᠳᠣᠯᠬᠢᠯᠠᠯ ᠲᠠᠢ ᠪᠤᠢ︖      ︽ᠵᠦᠭᠯᠡᠭᠦᠷ︾ ᠤᠨ ᠭᠤᠷᠪᠠᠳᠤᠭᠠᠷ ᠬᠡᠰᠡᠭ ︽ᠬᠡᠯᠪᠡᠷᠢ ᠶᠢ ᠬᠤᠪᠢᠷᠠᠭᠤᠯᠬᠤ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠬᠦ︾ ᠨᠢ ᠭᠤᠣᠯᠳᠠᠭᠤ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠳᠤ ᠬᠠᠨᠳᠤᠭᠤᠯᠤᠨ᠎ᠠ᠃  ᠡᠭᠦᠨ ᠳᠤ ᠬᠠᠩᠭᠠᠯᠭ᠎ᠠ ᠬᠡᠷᠡᠭᠴᠡᠭᠡ ᠶᠢᠨ ᠵᠣᠬᠢᠴᠠᠯᠳᠤᠬᠤ ᠬᠡᠮᠵᠢᠶ᠎ᠡ ᠶᠢ ᠨᠡᠮᠡᠭᠳᠡᠭᠦᠯᠬᠦ᠂ ᠪᠥᠬᠦ ᠶᠠᠪᠤᠴᠠ ᠶᠢᠨ ᠦᠢᠯᠡᠴᠢᠯᠡᠬᠦ ᠶᠢ ᠥᠷᠨᠢᠭᠦᠯᠬᠦ᠂ ᠰᠤᠳᠤᠯᠤᠨ ᠦᠢᠯᠡᠳᠬᠦ ᠶᠢ ᠬᠥᠩᠭᠡᠨ ᠬᠡᠮᠵᠢᠶᠡᠵᠢᠭᠦᠯᠦᠨ ᠬᠡᠷᠡᠭᠯᠡᠬᠦ ᠪᠠ ᠠᠮᠢ ᠠᠬᠤᠶ ᠶᠢᠨ ᠲᠠᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠪᠠᠭᠲᠠᠨ᠎ᠠ᠂ ᠬᠠᠩᠭᠠᠯᠭ᠎ᠠ ᠶᠢᠨ ᠲᠠᠯ᠎ᠠ ᠶᠢ ᠬᠥᠲᠥᠯᠥᠨ ᠵᠢᠯᠣᠭᠤᠳᠴᠤ ᠪᠠᠶᠢᠭᠠᠳ ᠳᠤᠮᠳᠠ ᠪᠠᠭ᠎ᠠ ᠠᠵᠤ ᠠᠬᠤᠶᠢᠯᠠᠯ ᠤᠨ ᠣᠨᠴᠠᠯᠢᠭ ᠪᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠ ᠪᠠᠭ᠎ᠠ ᠠᠵᠤ ᠠᠬᠤᠶᠢᠯᠠᠯ ᠳᠤ ᠬᠠᠨᠳᠤᠭᠤᠯᠤᠭᠰᠠᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠦᠢᠯᠡᠳᠭᠦᠨ ᠪᠠ  ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠪᠦᠲᠦᠮᠵᠢᠲᠡᠶ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶ ᠥᠷᠨᠢᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃      ᠨᠢᠭᠡ ᠳᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠬᠡᠮᠵᠢᠶ᠎ᠡ ᠶᠢ ᠨᠡᠮᠡᠭᠳᠡᠭᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠰᠠᠭᠤᠷᠢ ᠠᠳᠠᠯᠢ ᠦᠭᠡᠢ ᠪᠠᠶᠢᠵᠤ᠂ ᠬᠡᠷᠡᠭᠴᠡᠭᠡ ᠱᠠᠭᠠᠷᠳᠠᠯᠭ᠎ᠠ ᠨᠢ ᠮᠠᠰᠢ ᠶᠡᠭᠡ  ᠵᠦᠷᠢᠶ᠎ᠡ ᠲᠠᠢ ᠪᠠᠶᠢᠨ᠎ᠠ᠃ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ  ᠦᠢᠯᠡᠴᠢᠯᠡᠭᠡᠨ ᠤ ᠬᠤᠳᠠᠯᠳᠤᠭᠠᠴᠢᠨ ᠵᠡᠷᠭᠡ ᠬᠠᠩᠭᠠᠯᠭ᠎ᠠ ᠶᠢᠨ ᠲᠠᠯ᠎ᠠ ᠶᠢᠨ ᠬᠢᠨ ᠲᠣᠰ ᠲᠣᠰ ᠤᠨ ᠰᠠᠭᠤᠷᠢ ᠲᠥᠬᠦᠭᠡᠷᠦᠮᠵᠢ᠂ ᠲᠣᠭᠠᠴᠢᠯᠠᠭᠰᠠᠨ ᠮᠡᠷᠭᠡᠵᠢᠯ᠂ ᠠᠵᠢᠯ ᠲᠥᠷᠥᠯ ᠤᠨ ᠬᠤᠷᠠᠮᠳᠤᠭᠤᠯᠤᠯ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠬᠡᠯᠪᠡᠷᠢ ᠪᠠᠨ ᠬᠤᠪᠢᠷᠠᠭᠤᠯᠬᠤ ︽ᠪᠠᠭᠠᠵᠢ ᠶᠢᠨ ᠬᠠᠶᠢᠷᠴᠠᠭ︾ ᠢ ᠦᠷᠭᠦᠯᠵᠢᠯᠡᠨ ᠪᠠᠶᠠᠯᠢᠭᠵᠢᠭᠤᠯᠵᠤ ᠂ ᠦᠢᠯᠡᠳᠭᠦᠨ ᠤ ᠦᠢᠯᠡᠴᠢᠯᠡᠭᠡ ᠶᠢᠨ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠬᠤᠶᠠᠷ ᠲᠤ᠂ ᠪᠥᠬᠦ ᠶᠠᠪᠤᠴᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ᠶᠡᠷᠦᠳᠡᠭᠡᠨ ᠴᠢᠳᠠᠪᠤᠷᠢᠲᠠᠨ ᠳᠤᠲᠠᠭᠳᠠᠬᠤ᠂ ᠴᠢᠳᠠᠪᠤᠷᠢ ᠪᠠᠭᠤᠷᠠᠢ ᠪᠠᠶᠢᠬᠤ ᠵᠡᠷᠭᠡ ᠥᠷᠢᠰᠥᠯᠳᠦᠭᠡᠨ ᠲᠤᠯᠭᠠᠷᠠᠵᠤ᠂ ᠵᠥᠪᠬᠡᠨ ᠲᠤᠰ ᠪᠡᠶ᠎ᠡ ᠶᠢᠨ ᠬᠦᠴᠦᠨ ᠳᠡᠭᠡᠨ ᠲᠦᠰᠢᠭᠯᠡᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠳᠤ ᠬᠦᠴᠢᠷᠲᠡᠢ ᠪᠠᠶᠢᠳᠠᠭ᠃ ᠬᠡᠯᠪᠡᠷᠢ ᠪᠠᠨ ᠬᠤᠪᠢᠷᠠᠭᠤᠯᠬᠤ ᠬᠠᠩᠭᠠᠯᠭ᠎ᠠ ᠶᠢᠨ ᠲᠠᠯ᠎ᠠ ᠨᠢ ᠦᠨᠡᠯᠡᠨ ᠵᠢᠱᠢᠬᠦ ᠲᠥᠯᠥᠪᠵᠢᠭᠦᠯᠭᠡ᠂ ᠲᠣᠨᠤᠭ ᠲᠥᠬᠦᠭᠡᠷᠦᠮᠵᠢ ᠶᠢᠨ ᠥᠭᠡᠷᠡᠴᠢᠯᠡᠯᠲᠡ᠂ ᠰᠢᠰᠲ᠋ᠧᠮ ᠤᠨ ᠡᠭᠦᠯᠡᠨ ᠪᠤᠳᠤᠯᠲᠠ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠭᠤᠭᠴᠤᠭ᠎ᠠ ᠠᠴᠠ ᠪᠥᠬᠦ ᠲᠠᠯ᠎ᠠ ᠶᠢᠨ ᠳᠠᠭᠠᠯᠲᠠ ᠮᠠᠶ᠋ᠢᠭ ᠤᠨ ᠦᠢᠯᠡᠴᠢᠯᠡᠭᠡ ᠬᠠᠩᠭᠠᠵᠤ᠂ ᠠᠳᠠᠯᠢ ᠪᠤᠰᠤ ᠬᠡᠯᠪᠡᠷᠢ ᠪᠠᠨ ᠬᠤᠪᠢᠷᠠᠭᠤᠯᠬᠤ ᠱᠠᠲᠤᠨ ᠳᠤ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠦᠢᠯᠡᠳᠭᠦᠨ ᠤ ᠦᠢᠯᠡᠴᠢᠯᠡᠭᠡᠨ ᠤ ᠠᠮᠢ ᠠᠬᠤᠶ ᠶᠢᠨ ᠡᠬᠢ ᠪᠠᠶᠠᠯᠢᠭ ᠲᠠᠢ ᠵᠣᠯᠭᠠᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠶ᠃      ᠭᠤᠷᠪᠠ ᠳᠤ᠂ ᠬᠥᠩᠭᠡᠨ ᠬᠡᠮᠵᠢᠶᠡᠨ ᠤ ᠬᠡᠷᠡᠭᠯᠡᠭᠡ ᠶᠢ ᠰᠤᠳᠤᠯᠤᠨ ᠦᠢᠯᠡᠳᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠠᠰᠢᠭ ᠬᠤᠨᠵᠢᠪᠣᠷᠢ ᠬᠠᠷᠢᠴᠠᠩᠭᠤᠶ ᠪᠠᠷ ᠪᠠᠭ᠎ᠠ ᠪᠠᠶᠢᠵᠤ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠡᠬᠢ ᠪᠠᠶᠠᠯᠢᠭ ᠤᠨ ᠣᠷᠣᠭᠤᠯᠤᠯᠲᠠ ᠬᠢᠵᠠᠭᠠᠷᠯᠠᠭᠳᠠᠪᠠ᠃ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠬᠢᠨ ᠦᠢᠯᠡᠳᠬᠦᠨ᠂ ᠮᠡᠷᠭᠡᠵᠢᠯ ᠪᠣᠯᠤᠨ ᠵᠠᠭᠪᠤᠷ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠵᠠᠬᠢᠶᠠᠯᠠᠭ᠎ᠠ ᠶᠢᠨ ᠮᠠᠶ᠋ᠢᠭ ᠤᠨ ᠦᠢᠯᠡᠴᠢᠯᠡᠭᠡ ᠶᠢ ᠬᠥᠭᠵᠢᠭᠦᠯᠵᠦ ᠂ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢᠶᠠᠷ ᠳᠣᠣᠷ᠎ᠠ᠂ ᠦᠷ᠎ᠡ ᠠᠰᠢᠭ ᠢᠶᠠᠷ ᠥᠨᠳᠥᠷ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃      ᠲᠦᠷᠪᠡ ᠳᠤ᠂ ᠠᠮᠢ ᠠᠬᠤᠢ ᠶᠢᠨ ᠲᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠭᠤᠤᠯ ᠴᠣᠭᠴᠠ ᠨᠢ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ ᠲᠤᠮᠤ ᠬᠡᠯᠪᠡᠷᠢ ᠶᠢᠨ ᠠᠵᠤ ᠠᠬᠤᠶᠢᠯᠠᠯ ᠨᠢ ᠬᠡᠷᠡᠭᠯᠡᠬᠦ ᠪᠤᠶᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠡᠨᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠦᠢᠯᠡᠳᠪᠦᠷᠢᠯᠡᠯ ᠠᠭᠤᠰᠤᠯᠴᠠᠯ ᠤᠨ ᠰᠢᠨ᠎ᠡ ᠵᠠᠭᠪᠤᠷ ᠢ ᠬᠥᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠵᠢᠷᠭᠤᠭ᠎ᠠ᠂ ︽ᠵᠦᠭᠯᠡᠭᠦᠷ︾ ᠲᠤ ᠣᠷᠣᠨ ᠨᠤᠲᠤᠭ ᠤᠨ ᠡᠯ᠎ᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠨ ᠬᠡᠯᠪᠡᠷᠢ ᠶᠢ ᠬᠤᠪᠢᠷᠠᠭᠤᠯᠬᠤ ᠠᠵᠢᠯ ᠢ ᠲᠦᠯᠬᠢᠨ ᠠᠬᠢᠭᠤᠯᠬᠤ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ︖      ︽ᠵᠦᠭᠯᠡᠭᠦᠷ︾ ᠤᠨ ᠳᠥᠷᠪᠡᠳᠦᠭᠡᠷ ᠬᠡᠰᠡᠭ ︽ᠬᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ︾ ᠭᠡᠳᠡᠭ ᠢ ᠭᠤᠣᠯᠳᠠᠭᠤ ᠣᠷᠣᠨ ᠨᠤᠲᠤᠭ ᠤᠨ ᠡᠯ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠨᠳᠤᠭᠤᠯᠵᠤ᠂ ᠬᠡᠯᠪᠡᠷᠢ ᠪᠠᠨ ᠬᠤᠪᠢᠷᠠᠭᠤᠯᠤᠨ ᠵᠢᠯᠣᠭᠤᠳᠬᠤ ᠶᠢ ᠴᠢᠩᠭᠠᠳᠬᠠᠬᠤ᠂ ᠪᠡᠯᠡ ᠮᠥᠩᠭᠦᠨ ᠤ ᠳᠡᠮᠵᠢᠯᠭᠡ ᠶᠢ ᠨᠡᠮᠡᠭᠳᠡᠭᠦᠯᠬᠦ᠂ ᠲᠤᠷᠰᠢᠯᠲᠠ ᠶᠢᠨ ᠴᠢᠭ᠋ ᠤᠨ ᠬᠡᠷᠡᠭᠯᠡᠯᠲᠡ ᠶᠢ ᠳᠡᠯᠭᠡᠷᠡᠭᠦᠯᠬᠦ᠂ ᠢᠵᠢ ᠪᠦᠷᠢᠳᠦᠭᠦᠯᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠬᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠪᠤᠨ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠳᠤᠷᠠᠳᠪᠠ᠃ ᠡᠭᠦᠨ ᠤ ᠵᠣᠷᠢᠯᠭ᠎ᠠ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠮᠡᠷᠭᠡᠵᠢᠯ᠂ ᠪᠠᠯᠠ ᠮᠥᠩᠭᠦ᠂ ᠦᠢᠯᠡᠴᠢᠯᠡᠭᠡ᠂ ᠴᠢᠳᠠᠪᠤᠷᠢᠲᠠᠨ ᠵᠡᠷᠭᠡ ᠲᠠᠯ᠎ᠠ ᠪᠠᠷ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠡᠬᠢ ᠪᠠᠶᠠᠯᠢᠭ ᠤᠨ ᠳᠡᠮᠵᠢᠯᠭᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠪᠠᠷ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃      ᠨᠢᠭᠡ ᠳᠤ᠂ ᠬᠡᠯᠪᠡᠷᠢ ᠪᠠᠨ ᠬᠤᠪᠢᠷᠠᠭᠤᠯᠤᠨ ᠬᠥᠲᠥᠯᠥᠨ ᠵᠢᠯᠣᠭᠤᠳᠬᠤ ᠵᠢᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠠᠵᠤ ᠠᠬᠤᠶ᠂ ᠮᠡᠷᠭᠡᠵᠢᠯ᠂ ᠬᠠᠮᠢᠶᠠᠷᠤᠯᠲᠠ ᠵᠡᠷᠭᠡ ᠲᠠᠯ᠎ᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠠᠬᠢ ︽ᠲᠠᠨᠢᠨ ᠮᠡᠳᠡᠬᠦᠶ ᠶᠢᠨ ᠵᠥᠷᠢᠶ᠎ᠡ︾ ᠶᠢ ᠪᠠᠭᠠᠰᠬᠠᠪᠠᠯ ᠰᠠᠶ᠋ᠢ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ︽ᠶᠡᠭᠡ ᠬᠦᠴᠦ ᠣᠷᠣᠭᠤᠯᠵᠤ ᠪᠠᠭ᠎ᠠ ᠠᠮᠵᠢᠯᠲᠠ ᠤᠯᠬᠤ︾ ᠠᠴᠠ ᠵᠠᠶᠢᠯᠠᠰᠬᠢᠵᠦ ᠴᠢᠳᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠥᠷᠥᠯ ᠬᠤᠪᠢᠶᠠᠨ ᠵᠢᠯᠣᠭᠤᠳᠬᠤ ᠪᠠ ᠮᠥᠷᠳᠡᠨ ᠦᠢᠯᠡᠴᠢᠯᠡᠬᠦ ᠪᠠᠨ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠳᠤᠮᠳᠠ ᠵᠢᠵᠢᠭ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃      ᠬᠤᠶᠠᠷ ᠲᠤ᠂ ᠪᠡᠯᠡ ᠮᠥᠩᠭᠦᠨ ᠤ ᠳᠡᠮᠵᠢᠯᠭᠡ ᠶᠢ ᠨᠡᠮᠡᠭᠳᠡᠭᠦᠯᠦᠨ᠎ᠡ᠃ ᠬᠡᠯᠪᠡᠷᠢ ᠪᠠᠨ ᠬᠤᠪᠢᠷᠠᠭᠤᠯᠬᠤ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠪᠣᠯ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢᠨ ᠭᠤᠣᠯ ᠥᠷᠢᠰᠥᠯᠳᠦᠭᠡᠨ ᠤ ᠨᠢᠭᠡ ᠪᠣᠯᠤᠨ᠎ᠠ᠃ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠤ ᠲᠤᠰᠬᠠᠶ ᠪᠠᠯᠠ ᠮᠥᠩᠭᠦ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠮᠳᠠ ᠵᠢᠵᠢᠭ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠳᠡᠮᠵᠢᠬᠦ ᠶᠢ ᠵᠣᠷᠢᠭᠵᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠯᠤᠭ᠎ᠠ ᠬᠤᠯᠪᠣᠭᠳᠠᠬᠤ ᠦᠢᠯᠡᠳᠭᠦᠨ ᠪᠠ ᠦᠢᠯᠡᠴᠢᠯᠡᠭᠡᠨ ᠬᠠᠩᠭᠠᠨ᠎ᠠ᠃      ᠭᠤᠷᠪᠠ ᠳᠤ᠂ ᠲᠤᠷᠰᠢᠯᠲᠠ ᠬᠢᠵᠦ ᠬᠡᠷᠡᠭᠯᠡᠬᠦ ᠶᠢ ᠳᠡᠯᠭᠡᠷᠡᠭᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠬᠡᠮᠵᠢᠶ᠎ᠡ ᠨᠢ ᠶᠡᠭᠡ ᠬᠡᠪᠴᠢᠶ᠎ᠡ ᠨᠢ ᠥᠷᠭᠡᠨ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠨᠢᠭᠡ ᠯᠡ ᠳᠡᠭᠡᠷ᠎ᠡ ᠪᠡᠶᠡᠯᠡᠭᠦᠯᠴᠢᠬᠡᠬᠦ ᠪᠢᠰᠢ᠂ ᠬᠠᠷᠢᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠦ᠂ ︽ᠤᠷᠢᠳ ᠢᠶᠠᠷ ᠬᠤᠪᠢᠷᠠᠭᠤᠯᠬᠤ ᠪᠠᠷ ᠳᠠᠷᠠᠭ᠎ᠠ ᠨᠢ ᠬᠤᠪᠢᠷᠠᠭᠤᠯᠬᠤ︾ ᠶᠢ ᠳᠠᠶᠢᠴᠢᠯᠠᠬᠤ ᠴᠢᠬᠤᠯᠠᠲᠠᠢ᠃ ᠣᠷᠣᠨ ᠨᠤᠲᠤᠭ ᠤᠨ ᠡᠯ᠎ᠡ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠤ ᠬᠥᠭᠵᠢᠯᠲᠡ ᠶᠢᠨ ᠨᠡᠶᠢᠲᠡᠯᠢᠭ ᠬᠡᠪ ᠵᠠᠭᠪᠤᠷ ᠢ ᠳᠡᠯᠭᠡᠷᠡᠭᠦᠯᠦᠨ᠂ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠤᠨ ︽ᠥᠯᠢᠭᠡᠷ ᠦᠵᠡᠵᠦ ᠥᠯᠢᠭᠡᠷ ᠰᠤᠷᠬᠤ︾ ᠶᠢ ᠵᠣᠷᠢᠭᠵᠢᠭᠤᠯᠬᠤ ᠬᠡᠷᠡᠭᠲᠡᠶ᠃      ᠲᠦᠷᠪᠡ ᠳᠤ᠂ ᠢᠵᠢ ᠪᠦᠷᠢᠳᠦᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡ ᠳᠤ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡ ᠪᠠ ᠤᠯᠠᠨ ᠨᠡᠶᠢᠲᠡ ᠶᠢᠨ ᠦᠢᠯᠡᠴᠢᠯᠡᠭᠡ ᠪᠠᠭᠲᠠᠨ᠎ᠠ᠂ ᠤᠯᠠᠨ ᠨᠡᠶᠢᠲᠡ ᠶᠢᠨ ᠦᠢᠯᠡᠴᠢᠯᠡᠭᠡ ᠨᠢ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠢ ᠨᠥᠬᠦᠪᠥᠷᠢᠯᠡᠵᠦ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ ᠪᠣᠯᠤᠨ᠎ᠠ᠃ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠮᠡᠷᠭᠡᠵᠢᠯ ᠤᠨ ᠵᠢᠯᠤᠭᠤᠳᠤᠯᠭ᠎ᠠ᠂ ᠴᠢᠳᠠᠪᠤᠷᠢᠲᠠᠨ ᠤ ᠪᠣᠯᠪᠠᠰᠤᠷᠠᠯ᠂ ᠢᠨᠵᠧᠨᠧᠷᠢᠩ ᠤᠨ ᠬᠢᠨᠠᠨ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃      ᠲᠠᠪᠤ ᠳᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠥᠭᠵᠢᠯᠲᠡ ᠶᠢᠨ ᠣᠷᠴᠢᠨ ᠨᠥᠬᠦᠴᠡᠯ ᠨᠢ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢ ᠲᠣᠭᠲᠠᠭᠠᠬᠤ᠂ ᠵᠠᠬ᠎ᠠ ᠳᠡᠯᠭᠡᠭᠦᠷ ᠢ ᠨᠡᠭᠡᠭᠡᠬᠦ᠂ ᠦᠢᠯᠡᠳᠬᠦᠨ ᠢ ᠰᠢᠨᠡᠳᠬᠡᠬᠦ᠂ ᠵᠣᠬᠢᠶᠠᠨ ᠪᠠᠶᠢᠭᠤᠯᠤᠯᠲᠠ ᠶᠢ ᠬᠤᠪᠢᠰᠬᠠᠬᠤ ᠵᠡᠷᠭᠡ ᠲᠠᠯ᠎ᠠ ᠳᠤ ᠲᠦᠢᠯ ᠤᠨ ᠴᠢᠬᠤᠯᠠ ᠪᠠᠶᠢᠳᠠᠭ᠃ ᠰᠠᠭᠤᠷᠢ ᠲᠥᠬᠦᠭᠡᠷᠦᠮᠵᠢ᠂ ᠦᠨᠡᠯᠡᠨ ᠵᠢᠱᠢᠬᠦ ᠰᠢᠰᠲ᠋ᠧᠮ᠂ ᠬᠥᠭᠵᠢᠯᠲᠡ ᠶᠢᠨ ᠠᠭᠤᠷ ᠠᠮᠢᠰᠬᠤᠯ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠶ᠃      ᠲᠤᠯᠤᠭ᠎ᠠ᠂ ︽ᠵᠦᠭᠯᠡᠭᠦᠷ︾ ᠤᠨ ᠤᠷᠤᠭᠰᠢᠲᠠᠶ ᠬᠡᠷᠡᠭᠵᠢᠭᠦᠯᠦᠭᠳᠡᠬᠦ ᠶᠢᠨ ᠬᠠᠮᠲᠤ ᠢᠳᠡᠪᠬᠢᠲᠡᠶ ᠪᠣᠳᠠᠲᠤ ᠪᠦᠲᠦᠮᠵᠢ ᠤᠯᠬᠤ ᠶᠢ ᠬᠡᠷᠬᠢᠨ ᠪᠠᠲᠤᠯᠠᠬᠤ ᠪᠤᠢ︖      ︽ᠵᠦᠭᠯᠡᠭᠦᠷ︾ ᠢ ᠪᠦᠲᠦᠮᠵᠢᠲᠡᠶ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠷᠣᠨ ᠨᠤᠲᠤᠭ ᠤᠨ ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠠᠵᠢᠯ ᠢ ᠥᠷᠨᠢᠭᠦᠯᠬᠦ ᠳᠡᠭᠡᠨ ᠳᠣᠤᠷᠠᠬᠢ ᠭᠤᠷᠪᠠᠨ ᠲᠠᠯ᠎ᠠ ᠶᠢ ᠭᠤᠤᠯᠳᠠᠯᠭ᠎ᠠ ᠲᠠᠢ ᠠᠩᠬᠠᠷᠬᠤ ᠬᠡᠷᠡᠭᠲᠡᠶ᠃      ᠨᠢᠭᠡ ᠳᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠬᠤ ᠵᠢᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠰᠢᠷᠢᠰ ᠲᠦᠷᠦ ᠶᠢᠨ ᠪᠤᠳᠤᠯᠭ᠎ᠠ ᠶᠢᠨ ᠲᠣᠭᠤᠷᠢᠨ ᠳᠤ ᠤᠬᠠᠭᠤᠯᠤᠨ ᠲᠤᠤᠱᠯᠠᠭᠤᠯᠬᠤ ᠲᠠᠶᠢᠯᠤᠮᠵᠢ ᠥᠷᠨᠢᠭᠦᠯᠵᠦ᠂ ᠳᠤᠮᠳᠠ ᠪᠠᠭ᠎ᠠ ᠠᠵᠤ ᠠᠬᠤᠶᠢᠯᠠᠯ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠵᠡᠷᠭᠡ ᠶᠢ ᠬᠠᠪᠰᠤᠷᠤᠨ ᠬᠡᠯᠪᠡᠷᠢ ᠶᠢ ᠬᠤᠪᠢᠷᠠᠭᠤᠯᠬᠤ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠬᠡᠯᠪᠡᠷᠢ ᠶᠢ ᠬᠤᠪᠢᠷᠠᠭᠤᠯᠬᠤ ᠢᠲᠡᠭᠡᠯ ᠢ ᠨᠢ ᠨᠡᠮᠡᠭᠳᠡᠭᠦᠯᠵᠦ᠂ ᠬᠡᠯᠪᠡᠷᠢ ᠶᠢ ᠬᠤᠪᠢᠷᠠᠭᠤᠯᠬᠤ ᠢᠳᠡᠪᠬᠢᠵᠢᠯ ᠢ ᠭᠦᠢᠴᠡᠳ ᠲᠠᠶᠢᠴᠢᠯᠠᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠵᠢᠯ ᠢ ᠬᠠᠮᠲᠤᠪᠠᠷ ᠠᠬᠢᠭᠤᠯᠬᠤ ᠬᠡᠷᠡᠭᠲᠡᠢ᠃      ᠬᠤᠶᠠᠷ ᠲᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ ᠤ ᠬᠢᠨ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠰᠠᠭᠤᠷᠢ ᠪᠣᠯᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠠᠵᠢᠯ ᠤᠨ ᠬᠠᠷᠠᠯᠲᠠ ᠪᠣᠯᠤᠨ ᠭᠠᠷᠳᠠᠴᠠ ᠪᠠᠨ ᠲᠣᠳᠣᠷᠬᠠᠶᠢᠯᠠᠬᠤ ᠬᠡᠷᠡᠭᠲᠡᠢ᠃ ︽ᠵᠦᠭᠯᠡᠭᠦᠷ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠥᠳᠡᠯᠦᠩᠭᠦᠶ ᠪᠠᠷ ᠮᠥᠷᠳᠡᠵᠦ᠂ ︽ᠵᠦᠭᠯᠡᠭᠦᠷ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠣᠨᠣᠪᠴᠢᠲᠠᠶ ᠦᠨᠡᠯᠡᠨ ᠵᠢᠱᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠡᠯ᠎ᠡ  ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠨ᠎ᠠ᠃      ᠭᠤᠷᠪᠠ ᠳᠤ᠂ ᠳ᠋ᠦᠩᠨᠡᠨ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠤ ᠬᠢᠨ ᠨᠡᠶᠢᠲᠡᠯᠢᠭ ᠬᠡᠷᠡᠭᠯᠡᠭᠡᠨ ᠤ ᠦᠵᠡᠭᠳᠡᠯ᠂ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠤᠨ ᠠᠷᠭ᠎ᠠ ᠬᠢᠳᠡᠯ᠂ ᠪᠣᠯᠪᠠᠰᠤᠷᠠᠩᠭᠤᠶ ᠪᠣᠯᠤᠭᠰᠠᠨ ᠠᠵᠢᠯ ᠲᠥᠷᠥᠯ ᠤᠨ ᠲᠤᠷᠰᠢᠯᠭ᠎ᠠ ᠵᠡᠷᠭᠡ ᠶᠢ ᠪᠣᠯᠪᠠᠰᠤᠷᠠᠭᠤᠯᠤᠨ ᠳ᠋ᠦᠩᠨᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3