11 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ | ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠰᠢᠩ ᠾᠧ ᠰᠢᠶᠠᠨ ᠤ ᠪᠠᠷᠠᠭᠠᠨ ᠤ ᠲᠡᠷᠭᠡ ᠶᠢᠨ ᠵᠢᠯᠣᠭᠤᠴᠢ ᠶᠢ ᠬᠠᠮᠢᠶᠠᠷᠤᠨ ᠡᠵᠡᠮᠳᠡᠬᠦ | ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ | ᠲᠤᠬᠠᠶ ᠰᠤᠳᠤᠯᠤᠨ ᠪᠠᠶᠢᠷᠢᠯᠠᠭᠤᠯᠪᠠ᠃ | | | ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢ ᠬᠠᠮᠢᠶᠠᠷᠤᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠥᠳᠡᠯᠦᠩᠭᠦᠶ ᠪᠠᠷ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠪᠠᠷᠠᠭᠠᠨ ᠤ ᠲᠡᠭᠡᠭᠡᠪᠦᠷᠢ ᠶᠢᠨ | ᠵᠢᠯᠣᠭᠤᠴᠢ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠮᠡᠳᠡᠭᠡ ᠵᠠᠩᠭᠢ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠰᠢᠩ ᠾᠧ ᠰᠢᠶᠠᠨ ᠤ ᠵᠠᠮ ᠲᠡᠭᠡᠭᠡᠪᠦᠷᠢ ᠶᠢᠨ ᠮᠡᠳᠡᠭᠡ ᠵᠠᠩᠭᠢ ᠶᠢᠨ ᠬᠥᠮᠥᠷᠭᠡ | ᠪᠠ ᠵᠢᠯᠣᠭᠤᠴᠢ ᠪᠠ ᠰᠠᠭᠤᠳᠠᠯ ᠤᠨ ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠪᠣᠶ ᠪᠥᠬᠦᠶ | ᠪᠠᠷᠠᠭᠠᠨ ᠤ ᠲᠡᠷᠭᠡ ᠶᠢᠨ ᠲᠡᠷᠭᠡ ᠬᠥᠰᠬᠡ᠂ ᠠᠵᠢᠯᠲᠠᠨ ᠤ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠷᠢᠨ ᠡᠵᠡᠮᠰᠢᠵᠦ᠂ | ᠡᠬᠡ ᠲᠠᠩᠰᠠ ᠶᠢ ᠨᠠᠷᠢᠯᠢᠭ ᠣᠨᠣᠴᠠᠲᠠᠶ ᠪᠠᠷ ᠪᠠᠶᠢᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠬᠥᠭᠵᠢᠯᠲᠡ ᠶᠢ ᠠᠶᠤᠯᠭᠦᠶ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠬᠢᠵᠢᠭ ᠤᠨ | ᠪᠠᠶᠢᠳᠠᠯ ᠢ ᠰᠡᠷᠭᠡᠶᠢᠯᠡᠬᠦ ᠮᠥᠷᠲᠡᠭᠡᠨ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ | ᠠᠮᠢᠳᠤᠷᠠᠯ ᠤᠨ ᠦᠢᠯᠡᠴᠢᠯᠡᠭᠡ ᠪᠠᠲᠤᠯᠠᠭ᠎ᠠ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ | ᠠᠵᠢᠯ ᠤᠨ ᠬᠠᠮᠢᠶᠠᠷᠤᠯᠲᠠ ᠶᠢᠨ ᠲᠣᠭᠲᠠᠴᠠ᠂ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠬᠦᠯᠵᠦ᠂ ᠣᠯᠠᠨ | ᠵᠤᠶᠢᠯ ᠤᠨ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠷᠡᠭᠦᠯ ᠮᠡᠨᠳᠦ ᠶᠢ | ᠬᠢᠨᠠᠨ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠪᠠᠶᠢᠴᠠᠭᠠᠵᠤ ᠳᠠᠩᠰᠠᠯᠠᠬᠤ᠂ ᠲᠤᠰᠠᠭᠠᠷᠯᠠᠨ ᠬᠠᠮᠢᠶᠠᠷᠤᠨ | ᠡᠵᠡᠮᠳᠡᠬᠦ᠂ ᠪᠤᠴᠠᠭᠠᠵᠤ ᠮᠡᠳᠡᠭᠦᠯᠦᠨ ᠳᠠᠩᠰᠠᠯᠠᠭᠤᠯᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠤᠶᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠰᠦᠨ ᠬᠠᠢ ᠵᠢᠶᠦ᠋ᠨ᠂ ᠵᠧᠦ ᠷᠦᠢ ᠵᠢᠶᠦ᠋ᠨ᠂ ᠾᠧᠦ ᠶᠢᠩ ᠬᠤᠷᠠᠯ ᠳᠤ | ᠣᠷᠣᠯᠴᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |