ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/24
     11 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠢᠩ ᠾᠧ ᠰᠢᠶᠠᠨ ᠤ ᠪᠠᠷᠠᠭᠠᠨ ᠤ ᠲᠡᠷᠭᠡ ᠶᠢᠨ ᠵᠢᠯᠣᠭᠤᠴᠢ ᠶᠢ ᠬᠠᠮᠢᠶᠠᠷᠤᠨ ᠡᠵᠡᠮᠳᠡᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠰᠤᠳᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢ ᠬᠠᠮᠢᠶᠠᠷᠤᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠯᠦᠩᠭᠦᠶ ᠪᠠᠷ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠩ ᠾᠧ ᠰᠢᠶᠠᠨ ᠤ ᠵᠠᠮ ᠲᠡᠭᠡᠭᠡᠪᠦᠷᠢ ᠶᠢᠨ ᠮᠡᠳᠡᠭᠡ ᠵᠠᠩᠭᠢ ᠶᠢᠨ ᠬᠥᠮᠥᠷᠭᠡ ᠪᠠ ᠵᠢᠯᠣᠭᠤᠴᠢ ᠪᠠ ᠰᠠᠭᠤᠳᠠᠯ ᠤᠨ ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠪᠣᠶ ᠪᠥᠬᠦᠶ ᠪᠠᠷᠠᠭᠠᠨ ᠤ ᠲᠡᠷᠭᠡ ᠶᠢᠨ ᠲᠡᠷᠭᠡ ᠬᠥᠰᠬᠡ᠂ ᠠᠵᠢᠯᠲᠠᠨ ᠤ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠷᠢᠨ ᠡᠵᠡᠮᠰᠢᠵᠦ᠂ ᠡᠬᠡ ᠲᠠᠩᠰᠠ ᠶᠢ ᠨᠠᠷᠢᠯᠢᠭ ᠣᠨᠣᠴᠠᠲᠠᠶ ᠪᠠᠷ ᠪᠠᠶᠢᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃      ᠬᠤᠷᠠᠯ ᠠᠴᠠ ᠴᠢᠬᠤᠯᠠᠴᠢᠯᠠᠭᠰᠠᠨ ᠨᠢ᠂ ︽ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠬᠥᠭᠵᠢᠯᠲᠡ ᠶᠢ ᠠᠶᠤᠯᠭᠦᠶ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠮᠥᠷᠲᠡᠭᠡᠨ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠦᠢᠯᠡᠴᠢᠯᠡᠭᠡ ᠪᠠᠲᠤᠯᠠᠭ᠎ᠠ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠤᠨ ᠬᠠᠮᠢᠶᠠᠷᠤᠯᠲᠠ ᠶᠢᠨ ᠲᠣᠭᠲᠠᠴᠠ᠂ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠬᠦᠯᠵᠦ᠂ ᠣᠯᠠᠨ ᠵᠤᠶᠢᠯ ᠤᠨ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠷᠡᠭᠦᠯ ᠮᠡᠨᠳᠦ ᠶᠢ ᠬᠢᠨᠠᠨ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠪᠠᠶᠢᠴᠠᠭᠠᠵᠤ ᠳᠠᠩᠰᠠᠯᠠᠬᠤ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠤᠴᠠᠭᠠᠵᠤ ᠮᠡᠳᠡᠭᠦᠯᠦᠨ ᠳᠠᠩᠰᠠᠯᠠᠭᠤᠯᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠰᠦᠨ ᠬᠠᠢ ᠵᠢᠶᠦ᠋ᠨ᠂ ᠵᠧᠦ ᠷᠦᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3