ᠰᠢᠩ ᠾᠧ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 31 ᠳ᠋ᠦᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 3 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/25
     11 ᠰᠠᠷ᠎ᠠ ᠶᠢᠨ 24᠎ ᠤ ᠡᠳᠦᠷ᠂ ᠰᠢᠩ ᠡᡁᠧ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 31 ᠳ᠋ᠦᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 3 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠢ ᠡᠷᠬᠢᠯᠡᠪᠡ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ 10 ᠰᠠᠷ᠎ᠠ ᠶᠢᠨ 25᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠢ ᠪᠠᠷᠠᠯᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠱᠠᠨᠰᠢ ᠶᠢᠨ ᠶᠠᠨ ᠠᠨ ᠪᠣᠯᠤᠨ ᠾᠧᠨᠠᠨ ᠤ ᠠᠨᠶᠠᠩ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ 11 ᠰᠠᠷ᠎ᠠ ᠶᠢᠨ 10᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠵᠢᠨᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ︔ ᠾᠧᠨᠠᠨ ᠤ ᠠᠨᠶᠠᠩ ᠬᠤᠲᠠ ᠶᠢᠨ ᠺᠠᠶ ᠰᠢᠨ ᠳ᠋ᠡ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠠᠯ ᠤᠨ ᠭᠠᠮᠰᠢᠭ ᠤᠨ ᠠᠳᠡᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︔ 11 ᠳ᠋ᠦᠭᠡᠷ ᠰᠠᠷ᠎ᠠ ᠶᠢᠨ 18᠎ ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ  ᠵᠤᠷᠢᠭ ᠰᠠᠨᠠᠭ᠎ᠠ᠃      ᠬᠤᠷᠠᠯ ᠠᠴᠠ ᠪᠦᠬᠦ ᠰᠢᠶᠠᠨ ᠤ 2022 ᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠦᠬᠦ ᠰᠢᠶᠠᠨ ᠤ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ 2022 ᠣᠨ ᠤ ᠠᠵᠢᠯ ᠤᠨ ᠬᠠᠷᠢᠭᠤ ᠮᠡᠳᠡᠭᠦᠯᠦᠯᠲᠡ᠂ ᠪᠦᠬᠦ ᠰᠢᠶᠠᠨ ᠤ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠡᠭᠦᠯᠴᠢ ᠶᠢᠨ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠪᠦᠬᠦ ᠰᠢᠶᠠᠨ ᠤ 2022 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠂ ︽ᠰᠢᠩ ᠾᠧ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ᠂ ︽ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠪᠣᠯᠤᠨ ᠦᠨᠳᠦᠰᠦᠨ ᠱᠠᠲᠤᠨ ᠤ ᠵᠥᠪᠯᠡᠯᠭᠡᠨ ᠤ ᠪᠦᠲᠦᠮᠵᠢᠲᠡᠶ ᠠᠪᠴᠠᠯᠳᠤᠯ ᠢ ᠠᠬᠢᠭᠤᠯᠵᠤ ᠂ ︽ᠤᠯᠠᠨ ᠢᠶᠠᠷ ᠢᠶᠠᠨ ᠵᠥᠪᠳᠡᠯᠴᠡᠬᠦ︾ ᠵᠥᠪᠳᠡᠯᠴᠡᠨ ᠵᠥᠪᠯᠡᠬᠦ ᠲᠠᠪᠴᠠᠩ ᠤᠨ ᠠᠵᠢᠯ ᠤᠨ ᠲᠥᠰᠦᠯ︾᠂ ︽ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠭᠤᠣᠯᠳᠠᠯᠭ᠎ᠠ ᠲᠠᠢ ᠨᠠᠶᠢᠳᠠᠪᠤᠷᠢᠵᠢᠭᠤᠯᠬᠤ ᠠᠷᠭ᠎ᠠ  ᠬᠡᠮᠵᠢᠶ᠎ᠡ︾᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠪᠣᠳᠠᠲᠠᠢ ᠬᠡᠷᠡᠭᠵᠢᠭᠦᠯᠬᠦ ᠲᠥᠰᠦᠯ︾᠎ ᠢ ᠪᠠᠶᠢᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠤᠳᠠᠯ ᠦᠭᠡᠢ ᠪᠦᠬᠦ ᠨᠠᠮ ᠳᠤ ᠥᠷᠨᠢᠭᠦᠯᠬᠦ ᠭᠡᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠤᠨ᠂ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠪᠣᠯᠪᠠᠰᠤᠷᠠᠭᠤᠯᠤᠯ ᠢ ᠰᠠᠶᠢᠲᠤᠷ ᠠᠳᠬᠤᠬᠤ ᠬᠡᠷᠡᠭᠲᠡᠶ᠃      ᠸᠠᠩ ᠬᠤᠢ ᠢᠦᠢ ᠱᠠᠭᠠᠷᠳᠠᠭᠰᠠᠨ ᠨᠢ᠂ ᠪᠦᠬᠦ ᠲᠠᠯ᠎ᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠤᠨᠢᠨ ᠳᠡᠭᠡᠷ᠎ᠡ ᠨᠢ ᠠᠬᠢᠭᠤᠯᠵᠤ᠂ ᠣᠨᠴᠠᠭᠠᠶᠢᠯᠠᠨ ︽ᠬᠤᠶᠠᠷ ᠬᠦᠷᠢᠶᠡᠯᠡᠩ ᠲᠣᠭᠤᠷᠢᠭ︾᠎ ᠢ ᠪᠦᠳᠦᠭᠡᠨ ᠪᠠᠶᠢᠭᠤᠯᠬᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢ ᠴᠣᠭᠴᠠᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠪᠣᠬᠢᠷᠲᠤᠯ ᠦᠭᠡᠢ ᠪᠠᠷ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠪᠡ᠃ ᠤᠨᠢᠨ ᠳᠡᠭᠡᠷ᠎ᠡ ᠨᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠤᠨᠢᠨ ᠳᠡᠭᠡᠷ᠎ᠡ ᠨᠢ ᠪᠠᠶᠢᠷᠢ ᠲᠣᠭᠲᠠᠭᠠᠬᠤ ᠶᠢ ᠪᠠᠷᠢᠮᠲᠠᠯᠠᠵᠤ ᠠᠷᠠᠳ ᠤᠨ ᠡᠵᠡᠩᠨᠡᠯᠲᠡ ᠶᠢᠨ ᠥᠭᠡᠷᠡᠴᠢᠯᠡᠯᠲᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ ᠵᠡᠷᠭᠡ ᠳᠥᠷᠪᠡᠨ ᠶᠡᠭᠡ ᠤᠳᠤᠷᠢᠳᠬᠤ ᠪᠠᠭ ᠬᠡᠷ ᠲᠡᠭᠡᠨ ᠤᠳᠤᠷᠢᠳᠴᠤ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠩ ᠾᠧ ᠠᠵᠤ ᠤᠶᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3