11 ᠰᠠᠷ᠎ᠠ ᠶᠢᠨ 24 ᠤ ᠡᠳᠦᠷ᠂ ᠰᠢᠩ ᠡᡁᠧ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 31 ᠳ᠋ᠦᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ | ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 3 ᠳ᠋ᠤᠭᠠᠷ | ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠢ | ᠡᠷᠬᠢᠯᠡᠪᠡ᠃ | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ 10 ᠰᠠᠷ᠎ᠠ ᠶᠢᠨ 25 ᠤ ᠡᠳᠦᠷ ᠤᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠨ ᠠᠨ ᠤ ᠬᠤᠪᠢᠰᠬᠠᠯ ᠤᠨ | ᠳᠤᠷᠠᠰᠬᠠᠯ ᠤᠨ ᠭᠠᠵᠠᠷ ᠢ ᠪᠠᠷᠠᠯᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠱᠠᠨᠰᠢ ᠶᠢᠨ ᠶᠠᠨ ᠠᠨ | ᠪᠣᠯᠤᠨ ᠾᠧᠨᠠᠨ ᠤ ᠠᠨᠶᠠᠩ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ | 11 ᠰᠠᠷ᠎ᠠ ᠶᠢᠨ 10 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠵᠢᠨᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ | ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ︔ ᠾᠧᠨᠠᠨ ᠤ ᠠᠨᠶᠠᠩ ᠬᠤᠲᠠ ᠶᠢᠨ ᠺᠠᠶ ᠰᠢᠨ ᠳ᠋ᠡ ᠬᠤᠳᠠᠯᠳᠤᠭ᠎ᠠ | ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠠᠯ ᠤᠨ ᠭᠠᠮᠰᠢᠭ ᠤᠨ ᠠᠳᠡᠯ ᠤᠨ ᠲᠤᠬᠠᠶ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ︔ 11 ᠳ᠋ᠦᠭᠡᠷ ᠰᠠᠷ᠎ᠠ ᠶᠢᠨ 18 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠤᠷᠢᠭ ᠰᠠᠨᠠᠭ᠎ᠠ᠃ | ᠬᠤᠷᠠᠯ ᠠᠴᠠ ᠪᠦᠬᠦ ᠰᠢᠶᠠᠨ ᠤ 2022 ᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠦᠬᠦ | ᠰᠢᠶᠠᠨ ᠤ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ 2022 ᠣᠨ ᠤ ᠠᠵᠢᠯ ᠤᠨ | ᠬᠠᠷᠢᠭᠤ ᠮᠡᠳᠡᠭᠦᠯᠦᠯᠲᠡ᠂ ᠪᠦᠬᠦ ᠰᠢᠶᠠᠨ ᠤ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠡᠭᠦᠯᠴᠢ ᠶᠢᠨ ᠦᠨᠡᠯᠡᠨ | ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠪᠦᠬᠦ | ᠰᠢᠶᠠᠨ ᠤ 2022 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ | ᠂ ︽ᠰᠢᠩ ᠾᠧ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ︽ᠤᠯᠤᠰ ᠲᠥᠷᠥ ᠶᠢᠨ | ᠵᠥᠪᠯᠡᠯᠭᠡᠨ ᠤ ᠵᠥᠪᠯᠡᠯᠭᠡ ᠪᠣᠯᠤᠨ ᠦᠨᠳᠦᠰᠦᠨ ᠱᠠᠲᠤᠨ ᠤ ᠵᠥᠪᠯᠡᠯᠭᠡᠨ ᠤ ᠪᠦᠲᠦᠮᠵᠢᠲᠡᠶ ᠠᠪᠴᠠᠯᠳᠤᠯ ᠢ ᠠᠬᠢᠭᠤᠯᠵᠤ | ᠂ ︽ᠤᠯᠠᠨ ᠢᠶᠠᠷ ᠢᠶᠠᠨ ᠵᠥᠪᠳᠡᠯᠴᠡᠬᠦ︾ ᠵᠥᠪᠳᠡᠯᠴᠡᠨ ᠵᠥᠪᠯᠡᠬᠦ ᠲᠠᠪᠴᠠᠩ ᠤᠨ ᠠᠵᠢᠯ ᠤᠨ ᠲᠥᠰᠦᠯ︾᠂ ︽ | ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠰᠢᠨ᠎ᠡ ᠴᠠᠭ | ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠭᠤᠣᠯᠳᠠᠯᠭ᠎ᠠ ᠲᠠᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︾᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠪᠣᠳᠠᠲᠠᠢ ᠬᠡᠷᠡᠭᠵᠢᠭᠦᠯᠬᠦ ᠲᠥᠰᠦᠯ︾ ᠢ ᠪᠠᠶᠢᠭᠤᠯᠬᠤ ᠶᠢᠨ | ᠬᠠᠮᠲᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠤᠨ᠎ᠠ᠃ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠡᠳᠦᠷ ᠲᠤᠳᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠰᠤᠷᠤᠯᠴᠠᠨ | ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠶ᠃ ᠨᠠᠮ ᠤᠨ | ᠲᠥᠪ ᠬᠤᠷᠢᠶᠠᠨ ᠤ ᠤᠳᠠᠯ ᠦᠭᠡᠢ ᠪᠦᠬᠦ ᠨᠠᠮ ᠳᠤ ᠥᠷᠨᠢᠭᠦᠯᠬᠦ ᠭᠡᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ | ᠨᠢᠭᠲᠠ ᠤᠶᠠᠯᠳᠤᠭᠤᠯᠤᠨ᠂ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠪᠣᠯᠪᠠᠰᠤᠷᠠᠭᠤᠯᠤᠯ ᠢ ᠰᠠᠶᠢᠲᠤᠷ | ᠠᠳᠬᠤᠬᠤ ᠬᠡᠷᠡᠭᠲᠡᠶ᠃ | ᠸᠠᠩ ᠬᠤᠢ ᠢᠦᠢ ᠱᠠᠭᠠᠷᠳᠠᠭᠰᠠᠨ ᠨᠢ᠂ ᠪᠦᠬᠦ ᠲᠠᠯ᠎ᠠ ᠶᠢᠨ ᠦᠵᠡᠯᠲᠡ ᠶᠢ ᠪᠠᠲᠤ ᠪᠤᠢ ᠪᠣᠯᠭᠠᠵᠤ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ ᠡᠯ᠎ᠡ ᠱᠠᠳᠤ | ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠤᠨᠢᠨ ᠳᠡᠭᠡᠷ᠎ᠡ ᠨᠢ | ᠠᠬᠢᠭᠤᠯᠵᠤ᠂ ᠣᠨᠴᠠᠭᠠᠶᠢᠯᠠᠨ ︽ᠬᠤᠶᠠᠷ ᠬᠦᠷᠢᠶᠡᠯᠡᠩ ᠲᠣᠭᠤᠷᠢᠭ︾ ᠢ ᠪᠦᠳᠦᠭᠡᠨ ᠪᠠᠶᠢᠭᠤᠯᠬᠤ᠂ ᠭᠠᠳᠠᠭᠰᠢ | ᠴᠢᠭᠯᠡᠭᠦᠯᠦᠭᠰᠡᠨ ᠠᠵᠤ ᠠᠬᠤᠢ ᠶᠢ ᠴᠣᠭᠴᠠᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠪᠣᠬᠢᠷᠲᠤᠯ ᠦᠭᠡᠢ ᠪᠠᠷ | ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠪᠡ᠃ ᠤᠨᠢᠨ ᠳᠡᠭᠡᠷ᠎ᠡ ᠨᠢ | ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ᠤᠨᠢᠨ ᠳᠡᠭᠡᠷ᠎ᠡ ᠨᠢ ᠪᠠᠶᠢᠷᠢ ᠲᠣᠭᠲᠠᠭᠠᠬᠤ ᠶᠢ ᠪᠠᠷᠢᠮᠲᠠᠯᠠᠵᠤ ᠠᠷᠠᠳ ᠤᠨ | ᠡᠵᠡᠩᠨᠡᠯᠲᠡ ᠶᠢᠨ ᠥᠭᠡᠷᠡᠴᠢᠯᠡᠯᠲᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ | ᠳ᠋ᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠵᠣᠣ ᠷᠦᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ ᠵᠡᠷᠭᠡ ᠳᠥᠷᠪᠡᠨ | ᠶᠡᠭᠡ ᠤᠳᠤᠷᠢᠳᠬᠤ ᠪᠠᠭ ᠬᠡᠷ ᠲᠡᠭᠡᠨ ᠤᠳᠤᠷᠢᠳᠴᠤ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ | ᠦᠶ᠋ᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠩ ᠾᠧ ᠠᠵᠤ ᠤᠶᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |