ᠰᠢᠩ ᠾᠧ ᠰᠢᠶᠠᠨ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠦᠶ᠋ᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠠᠯᠬᠤᠮ ᠠᠯᠬᠤᠮ ᠢᠶᠠᠷ ᠵᠢᠷᠤᠮᠵᠢᠭᠤᠯᠤᠨ ᠰᠡᠷᠭᠦᠭᠡᠨ᠎ᠡ
ᠨᠡᠶᠢᠲᠡᠯᠡᠭᠰᠡᠨ ᠴᠠᠭ᠄
2022/11/25
     ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠰᠢᠩ ᠾᠧ ᠰᠢᠶᠠᠨ ᠤ ᠬᠢᠨ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ᠂ ᠭᠠᠳᠠᠭᠰᠢ ᠯᠡᠪᠡᠷᠡᠬᠦ ᠶᠢ ᠴᠢᠩᠭ᠎ᠠ ᠰᠡᠷᠭᠡᠶᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠶᠢᠯᠡᠳᠪᠤᠷᠢᠯᠡᠯ ᠠᠮᠢᠳᠤᠷᠠᠯ ᠤᠨ ᠡᠮᠬᠢ ᠵᠢᠷᠤᠮ ᠢ ᠠᠯᠬᠤᠮ ᠠᠯᠬᠤᠮ ᠢᠶᠠᠷ ᠵᠢᠷᠤᠮᠵᠢᠭᠤᠯᠤᠨ ᠰᠡᠷᠭᠦᠭᠡᠪᠡ᠃      ᠰᠢᠩ ᠾᠧ ᠰᠢᠶᠠᠨ ᠤ ᠮᠥᠩᠭᠦᠨ ᠭᠦᠢᠯᠭᠡᠭᠡᠨ ᠤ ᠲᠣᠤᠷ ᠴᠢᠬ᠂ ᠬᠤᠳᠠᠯᠳᠤᠭᠠᠨ ᠤ ᠲᠠᠯᠠᠪᠤᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ᠂ ᠡᠮ ᠤᠨ ᠳᠡᠯᠭᠡᠭᠦᠷ᠂ ᠦᠰᠦ ᠵᠠᠰᠠᠬᠤ ᠳᠡᠯᠭᠡᠭᠦᠷ᠂ ᠬᠤᠪᠴᠠᠰᠤ ᠤᠬᠢᠶᠠᠬᠤ ᠳᠡᠯᠭᠡᠭᠦᠷ᠂ ᠲᠡᠮᠦᠷᠯᠢᠭ ᠤᠨ ᠳᠡᠯᠭᠡᠭᠦᠷ ᠵᠡᠷᠭᠡ ᠠᠷᠠᠳ ᠤᠨ ᠠᠮᠢᠳᠤᠷᠠᠯ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠲᠠᠯᠠᠪᠤᠷ ᠭᠠᠵᠠᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠵᠦ᠂ ︽ᠤᠯᠠᠭᠠᠨ ᠺᠣᠳ᠋︾ ᠢ ᠭᠤᠶᠤᠴᠢᠯᠠᠨ ᠠᠪᠤᠭᠰᠠᠨ ᠰᠠᠭᠤᠷᠢᠨ ᠳᠡᠭᠡᠷ᠎ᠡ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠨ᠎ᠡ᠃      ᠰᠢᠩ ᠾᠧ ᠰᠢᠶᠠᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠮᠬᠢᠯᠡᠨ ᠵᠣᠯᠭᠠᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠵᠢᠯᠣᠭᠤᠳᠤᠨ ᠨᠠᠶᠢᠳᠠᠪᠤᠷᠢᠵᠢᠭᠤᠯᠵᠤ᠂ ᠬᠤᠭᠤᠯᠠᠨ ᠬᠡᠷ᠂ ᠵᠢᠵᠢᠭ ᠢᠳᠡᠭᠡᠨ ᠤ ᠳᠡᠯᠭᠡᠭᠦᠷ᠂ ᠥᠷᠯᠥᠭᠡ ᠶᠢᠨ ᠬᠤᠭᠤᠯᠠᠨ ᠤ ᠳᠡᠯᠭᠡᠭᠦᠷ᠂ ᠤᠮᠳᠠᠭᠠᠨ ᠤ ᠳᠡᠯᠭᠡᠭᠦᠷ ᠵᠡᠷᠭᠡ ᠢᠳᠡᠭᠡᠨ ᠤᠮᠳᠠᠭᠠᠨ ᠤ ᠤᠶᠢᠯᠡᠴᠢᠯᠡᠭᠡᠨ ᠤ ᠲᠠᠯᠠᠪᠤᠷ ᠤᠳ ᠵᠥᠪᠬᠡᠨ ᠳᠡᠯᠭᠡᠭᠦᠷ ᠲᠤ ᠣᠴᠢᠵᠤ ᠥᠪᠡᠷ ᠢᠶᠠᠨ ᠠᠪᠬᠤ᠂ ᠵᠠᠬᠢᠶᠠᠯᠠᠭ᠎ᠠ ᠶᠢᠨ ᠬᠤᠭᠤᠯᠠ ᠬᠤᠭᠤᠯᠠ ᠬᠦᠷᠭᠡᠬᠦ ᠵᠡᠷᠭᠡ ᠤᠶᠢᠯᠡᠴᠢᠯᠡᠭᠡ ᠬᠠᠩᠭᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠠᠮᠢᠳᠤᠷᠠᠯ ᠤᠨ ᠡᠮᠬᠢ ᠵᠢᠷᠤᠮ ᠢ ᠠᠯᠬᠤᠮ ᠠᠯᠬᠤᠮ ᠢᠶᠠᠷ ᠰᠡᠷᠭᠦᠭᠡᠪᠡ᠃
     ᠬᠤᠸᠠ ᠳ᠋ᠧᠩ ᠲᠣᠭᠤᠭᠠᠨ ᠬᠡᠷ ᠤᠨ ᠬᠤᠭᠤᠯᠠᠨ ᠬᠡᠷ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠤᠯᠳᠠᠭᠤ ᠬᠤᠲᠠ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠲᠤ ᠬᠤᠭᠤᠯᠠ ᠲᠣᠬᠢᠷᠠᠭᠤᠯᠬᠤ᠂ ᠬᠤᠭᠤᠯᠠ ᠬᠦᠷᠭᠡᠬᠦ ᠤᠶᠢᠯᠡᠴᠢᠯᠡᠭᠡ ᠬᠠᠩᠭᠠᠨ᠎ᠠ᠃ ᠪᠢᠳᠡ ᠭᠤᠣᠯᠳᠠᠭᠤ ᠰᠢᠬᠢᠷ ᠪᠠᠭ᠎ᠠ᠂ ᠲᠣᠰᠣ ᠪᠠᠭ᠎ᠠ᠂ ᠳᠠᠪᠤᠰᠤ ᠪᠠᠭ᠎ᠠ ᠲᠠᠢ ᠨᠣᠭᠤᠭ᠎ᠠ ᠪᠠᠷ ᠭᠤᠣᠯᠯᠠᠵᠤ᠂ ᠲᠤᠰᠬᠠᠶ ᠬᠥᠮᠦᠨ ᠢᠶᠠᠷ ᠬᠤᠭᠤᠯᠠ ᠤᠮᠳᠠ ᠶᠢᠨ ᠰᠢᠮ᠎ᠡ ᠲᠡᠵᠢᠭᠡᠯ ᠢ ᠲᠣᠬᠢᠷᠠᠭᠤᠯᠬᠤ ᠶᠢ ᠬᠠᠷᠢᠭᠤᠴᠠᠭᠤᠯᠳᠠᠭ᠃ ᠡᠳᠦᠷ ᠪᠦᠷᠢ ᠶᠢᠨ ᠢᠳᠡᠭᠡᠨ ᠤᠮᠳᠠᠭᠠᠨ ᠢ ᠪᠠᠲᠤᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠦᠰ ᠲᠤ ᠰᠠᠶᠢᠨ ᠢᠳᠡᠭᠦᠯᠬᠦ ᠪᠠᠷ ᠴᠢᠷᠮᠠᠶᠢᠵᠤ᠂ ᠡᠳᠦᠷ ᠪᠦᠷᠢ ᠪᠠᠷᠤᠭ 400 ᠬᠤᠪᠢ ᠳᠣᠭᠢᠷᠠᠭᠤᠯᠤᠨ ᠬᠦᠷᠭᠡᠨ᠎ᠡ᠃
     ᠣᠳᠣᠬᠠᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠡᠵᠢᠶ᠎ᠡ ᠰᠤᠷᠤᠯᠭ᠎ᠠ ᠪᠠᠨ ᠰᠡᠷᠭᠦᠭᠡᠬᠦ ᠨᠢ ᠨᠡᠶᠢᠭᠡᠮ ᠤᠨ ᠠᠩᠬᠠᠷᠤᠯ ᠤᠨ ᠲᠥᠪ ᠪᠣᠯᠵᠤ ᠪᠠᠶᠢᠨ᠎ᠠ᠃ ᠰᠤᠷᠪᠤᠯᠵᠢᠯᠠᠭᠴᠢ ᠰᠢᠩ ᠾᠧ ᠰᠢᠶᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠢᠷᠡᠭᠡᠳ᠂ ᠴᠡᠪᠡᠷᠯᠡᠭᠴᠢ ᠬᠢᠴᠢᠶᠡᠯ ᠤᠨ ᠬᠡᠷ᠂ ᠬᠤᠩᠭᠢᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠦᠷᠴᠢᠨ ᠠᠷᠢᠭᠤᠳᠬᠠᠵᠤ ᠪᠠᠶᠢᠬᠤ ᠶᠢ ᠣᠯᠵᠤ ᠬᠠᠷᠠᠪᠠ᠃ ᠰᠤᠷᠭᠠᠭᠤᠯᠢ ᠶᠢᠨ ᠲᠣᠬᠢᠷᠠᠭᠤᠯᠤᠭᠰᠠᠨ ᠠᠷᠢᠭᠤᠳᠬᠠᠬᠤ ᠰᠢᠩᠭᠡᠨ᠂ ᠭᠠᠷ ᠤᠬᠢᠶᠠᠬᠤ ᠰᠢᠩᠭᠡᠨ᠂ ᠠᠮᠠᠪᠴᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠷᠭᠡ ᠡᠳ᠋ ᠪᠣᠳᠠᠰ ᠢ ᠪᠦᠷᠢᠨ ᠭᠦᠢᠴᠡᠳ ᠳᠣᠭᠢᠷᠠᠭᠤᠯᠵᠤ᠂ ᠲᠦᠷ ᠴᠠᠭ ᠤᠨ ᠠᠵᠢᠭᠯᠠᠬᠤ ᠲᠠᠰᠤᠭ ᠢ ᠴᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠳᠣᠭᠢᠷᠠᠭᠤᠯᠵᠤ ᠳᠠᠭᠤᠰᠬᠠᠭᠰᠠᠨ ᠪᠥᠭᠡᠳ ᠵᠣᠬᠢᠬᠤ ᠡᠳ᠋ ᠪᠣᠳᠠᠰ ᠢ ᠳᠣᠭᠢᠷᠠᠭᠤᠯᠵᠤ᠂ ᠰᠤᠷᠤᠭᠴᠢᠳ ᠤᠨ ᠰᠤᠷᠤᠯᠭ᠎ᠠ ᠪᠠᠨ ᠰᠡᠷᠭᠦᠭᠡᠬᠦ ᠳᠤ ᠬᠠᠮᠢᠶ᠎ᠠ ᠪᠥᠬᠦᠶ ᠪᠡᠯᠡᠳᠬᠡᠯ ᠠᠵᠢᠯ ᠢ ᠰᠠᠶᠢᠲᠤᠷ ᠬᠢᠭᠰᠡᠨ ᠪᠠᠶᠢᠨ᠎ᠠ᠃
     ᠰᠤᠷᠪᠤᠯᠵᠢᠯᠠᠭᠴᠢ ᠬᠤᠸᠠ ᠯᠢᠶᠠᠨ ᠬᠡᠲᠦ ᠳᠡᠯᠭᠡᠭᠦᠷ ᠲᠤ ᠢᠷᠡᠭᠡᠳ᠂ ᠠᠳᠡ ᠨᠢᠭᠡᠨᠲᠡ ᠬᠡᠪ ᠤᠨ ᠳᠡᠯᠭᠡᠭᠦᠷ ᠨᠡᠭᠡᠭᠡᠬᠦ ᠴᠠᠭ ᠢᠶᠠᠨ ᠰᠡᠷᠭᠦᠭᠡᠵᠡᠶ᠃ ᠬᠤᠸᠠ ᠯᠢᠶᠠᠨ ᠬᠡᠲᠦ ᠳᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠲᠠᠯᠠᠪᠤᠷ ᠲᠤ ᠣᠷᠣᠵᠤ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠷᠢᠭᠤᠳᠬᠠᠵᠤ ᠰᠠᠯᠬᠢ ᠨᠡᠪᠲᠡᠷᠡᠭᠦᠯᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ᠣᠷᠣᠬᠤ ᠡᠭᠦᠳᠡᠨ ᠳᠤ᠂ ᠠᠵᠢᠯᠲᠠᠳ ᠡᠮᠬᠢ ᠵᠢᠷᠤᠮ ᠲᠠᠢ ᠪᠠᠷ ᠵᠣᠴᠢᠳ ᠢ ᠬᠥᠲᠥᠯᠥᠨ ᠣᠷᠣᠭᠤᠯᠵᠤ ᠪᠠᠶᠢᠨ᠎ᠠ᠂ ᠵᠣᠴᠢᠳ ᠤᠯᠠᠭᠠᠨ ᠨᠣᠮᠧᠷ ᠢ ᠰᠢᠷᠪᠢᠬᠦ ᠶᠢᠨ ᠬᠠᠮᠲᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠮᠡᠳᠡᠭᠦᠯᠦᠯᠲᠡ ᠪᠠᠨ ᠦᠵᠡᠭᠦᠯᠦᠭᠰᠡᠨ ᠤ ᠳᠠᠷᠠᠭ᠎ᠠ ᠬᠡᠲᠦ ᠳᠡᠯᠭᠡᠭᠦᠷ ᠲᠤ ᠣᠷᠣᠵᠤ ᠶᠠᠭᠤᠮ᠎ᠠ ᠬᠤᠳᠠᠯᠳᠤᠨ ᠠᠪᠴᠤ ᠪᠣᠯᠤᠨ᠎ᠠ᠃      ᠰᠢᠩ ᠡᡁᠧ ᠰᠢᠶᠠᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠬᠦ ᠶᠢᠨ ᠬᠠᠮᠲᠤ ᠥᠷᠭᠡᠨ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠲᠦᠬᠦᠮ ᠦᠵᠡᠭᠦᠯᠬᠦ ᠶᠢᠨ ᠲᠥᠯᠥᠭᠡ᠂ ᠡᠯ᠎ᠡ ᠡᠮ ᠤᠨ ᠳᠡᠯᠭᠡᠭᠦᠷ ᠨᠢᠭᠡᠨᠲᠡ ᠬᠡᠪ ᠤᠨ ᠶᠣᠰᠣᠭᠠᠷ ᠠᠵᠢᠯ ᠢᠶᠠᠨ ᠰᠡᠷᠭᠦᠭᠡᠵᠡᠢ᠃ ᠲᠢᠶᠠᠨ ᠺᠠᠩ ᠡᠮ ᠤᠨ ᠳᠡᠯᠭᠡᠭᠦᠷ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠳᠡᠯᠭᠡᠭᠦᠷ ᠤᠨ ᠠᠵᠢᠯ ᠢᠶᠠᠨ ᠰᠡᠷᠭᠦᠭᠡᠬᠦ ᠠᠵᠢᠯ ᠢ ᠰᠠᠶᠢᠲᠤᠷ ᠬᠢᠬᠦ ᠶᠢ ᠵᠢᠯᠣᠭᠤᠳᠴᠤ ᠪᠠᠶᠢᠬᠤ ᠶᠢᠨ ᠵᠡᠷᠭᠡ ᠳᠤ᠂ ᠬᠡᠷᠡᠭᠯᠡᠭᠴᠢᠳ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠨᠣᠮᠧᠷ ᠱᠦᠭᠦᠷᠳᠡᠬᠦ᠂ ᠬᠠᠯᠠᠭᠤᠷᠠᠯ᠂ ᠬᠠᠨᠢᠶᠠᠳᠤ ᠶᠢ ᠵᠣᠭᠰᠣᠭᠠᠬᠤ ᠲᠥᠷᠥᠯ ᠤᠨ ᠡᠮ ᠬᠤᠳᠠᠯᠳᠤᠨ ᠠᠪᠬᠤ ᠶᠢ ᠳᠠᠩᠰᠠᠯᠠᠬᠤ ᠵᠡᠷᠭᠡ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠬᠠᠯᠠᠭᠤᠷᠠᠭᠰᠠᠨ ᠡᠪᠡᠳᠴᠢᠲᠡᠨ ᠢ ᠲᠡᠷᠡ ᠳᠠᠷᠤᠶ ᠳᠤᠨᠢ ᠵᠡᠭᠡᠯᠢ ᠭᠤᠳᠤᠮᠵᠢ ᠶᠢᠨ ᠠᠯᠪᠠᠨ ᠬᠡᠷ᠂ ᠰᠠᠭᠤᠭᠠᠯᠢ ᠠᠷᠠᠳ ᠤᠨ ᠵᠥᠪᠯᠡᠯ ᠳᠤ ᠮᠡᠳᠡᠭᠦᠯᠵᠦ᠂ ᠬᠠᠷᠢᠶᠠᠲᠤ ᠣᠷᠣᠨ ᠤ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠳᠤ ᠬᠦᠴᠦᠲᠡᠶ ᠳᠡᠮᠵᠢᠯᠭᠡ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃
     ᠲᠢᠶᠠᠨ ᠺᠠᠩ ᠡᠮ ᠤᠨ ᠳᠡᠯᠭᠡᠭᠦᠷ ᠤᠨ ᠠᠵᠢᠯᠲᠠᠨ ᠢᠯᠡᠷᠬᠡᠶᠢᠯᠡᠬᠦ ᠳᠡᠭᠡᠨ᠄ ᠮᠠᠨ ᠤ ᠲᠢᠶᠠᠨ ᠺᠠᠩ ᠡᠮ ᠤᠨ ᠳᠡᠯᠭᠡᠭᠦᠷ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠯᠭᠡᠭᠦᠷ ᠢᠶᠠᠨ ᠪᠥᠬᠦ ᠲᠠᠯ᠎ᠠ ᠪᠠᠷ ᠠᠷᠢᠭᠤᠳᠬᠠᠵᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠤᠯᠠᠭᠠᠨ ᠨᠣᠮᠧᠷ ᠢ ᠱᠦᠭᠦᠷᠳᠡᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮ ᠤᠨ ᠵᠤᠶᠢᠯ ᠤᠨ ᠬᠠᠩᠭᠠᠯᠭ᠎ᠠ ᠶᠢ ᠦᠨᠡᠨ ᠬᠦ ᠭᠦᠢᠴᠡᠳ ᠪᠠᠲᠤᠯᠠᠨ᠎ᠠ ᠭᠡᠵᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ      
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3