11 ᠰᠠᠷ᠎ᠠ ᠶᠢᠨ 25 ᠤ ᠡᠳᠦᠷ᠂ ᠮᠠᠨ ᠤ ᠰᠢᠶᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠢ ᠡᠷᠬᠢᠯᠡᠪᠡ᠃ | | | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ | ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠬᠤᠷᠠᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠳᠤᠮᠳᠠ | ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠨᠠᠷᠢᠨ ᠬᠢᠨᠠᠮᠠᠭᠠᠢ ᠡᠷᠢᠵᠦ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ | ᠠᠵᠢᠯ ᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠵᠤ᠂ ᠡᠯ᠎ᠡ ᠵᠦᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠤᠷᠠᠯ ᠠᠴᠠ ᠴᠢᠬᠤᠯᠠᠴᠢᠯᠠᠭᠰᠠᠨ ᠨᠢ᠂ | ᠨᠢᠭᠡᠳᠦᠮᠡᠯ ᠹᠷᠣᠨᠲ ᠤᠨ ᠴᠢᠳᠠᠪᠤᠷᠢᠲᠠᠨ ᠴᠤᠭᠯᠠᠷᠠᠭᠰᠠᠨ᠂ ᠥᠷᠭᠡᠨ ᠳᠡᠯᠭᠡᠷ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢ | ᠪᠠᠳᠠᠷᠠᠭᠤᠯᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠥᠭᠡᠷᠡᠴᠢᠯᠡᠯᠲᠡ | ᠬᠥᠭᠵᠢᠯᠲᠡ ᠳᠤ ᠦᠢᠯᠡᠴᠢᠯᠡᠬᠦ᠂ ᠵᠥᠪᠯᠡᠬᠦ ᠠᠷᠠᠳᠴᠢᠯᠠᠯ ᠢ ᠠᠬᠢᠭᠤᠯᠬᠤ᠂ ᠡᠯ᠎ᠡ ᠲᠠᠯ᠎ᠠ ᠶᠢᠨ ᠬᠠᠷᠢᠴᠠᠭ᠎ᠠ ᠶᠢ | ᠵᠣᠬᠢᠴᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠬᠤ ᠵᠡᠷᠭᠡ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ | ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ | ᠮᠠᠨ ᠤ ᠰᠢᠶᠠᠨ ᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠠᠶᠢᠭᠤᠯᠬᠤ ᠬᠠᠷᠠᠯᠲᠠ ᠡᠭᠦᠷᠭᠡ ᠶᠢ ᠰᠠᠶᠢᠲᠤᠷ | ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠳᠡᠭᠡᠳᠦ ᠬᠡᠮᠵᠢᠶᠡᠨ ᠤ | ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠷ ᠨᠢᠭᠡᠳᠦᠮᠡᠯ ᠹᠷᠣᠨᠲ ᠤᠨ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠬᠤᠷᠠᠯ ᠳᠡᠭᠡᠷ᠎ᠡ᠂ ᠶᠠᠩ ᠯᠢ ᠷᠦᠩ ᠪᠦᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ | ᠡᠭᠦᠷᠭᠡ ᠶᠢ ᠳᠤᠬᠢᠷᠠᠭᠤᠯᠤᠨ ᠪᠠᠶᠢᠷᠢᠯᠠᠭᠤᠯᠪᠠ᠃ | ᠵᠤᠤ ᠷᠦ᠋ᠢ᠂ ᠶᠠᠩ ᠵᠧᠨ ᠳ᠋ᠦᠩ ᠵᠡᠷᠭᠡ ᠲᠦ᠋ᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ | ᠪᠠᠶᠢᠨ᠎ᠠ︔ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ | ᠠᠵᠤ ᠤᠶᠢᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠩ ᠾᠧ ᠠᠵᠤ ᠤᠶᠢᠯᠡᠰ ᠤᠨ ᠬᠦᠷᠢᠶᠡᠯᠡᠩ ᠤᠨ | ᠬᠠᠷᠢᠭᠤᠴᠠᠯᠭᠠᠲᠠᠨ︔ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠢᠭᠡᠳᠦᠮᠡᠯ ᠹᠷᠣᠨᠲ ᠤᠨ | ᠭᠡᠰᠢᠭᠦᠨ︔ ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |