ᠯᠢ ᠺᠠᠶ ᠳ᠋ᠦᠩ ᠬᠤᠲᠠ ᠶᠢᠨ ᠪᠣᠭᠤᠮᠲᠠ ᠪᠠᠯᠭᠠᠰᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 27᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠴᠧᠩ ᠭᠤᠸᠠᠨ ᠪᠠᠯᠭᠠᠰᠤᠨ ᠤ ᠵᠠᠰᠠᠭ ᠤᠨ ᠣᠷᠳᠣᠨ ᠵᠢᠴᠢ ᠰᠢᠨ ᠴᠧᠩ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃
     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠯᠢ ᠺᠠᠶ ᠳ᠋ᠦᠩ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠤ ᠲᠥᠯᠥᠭᠡᠯᠡᠭᠴᠢᠳ ᠲᠠᠢ ᠨᠢᠭᠡ ᠲᠠᠩᠬᠢᠮ ᠳᠤ ᠲᠣᠭᠤᠷᠢᠨ ᠰᠠᠭᠤᠵᠤ᠂ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠ ᠵᠢᠷᠤᠭ ᠦᠰᠦᠭ ᠢ ᠬᠤᠣᠰᠯᠠᠭᠤᠯᠬᠤ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠣᠯᠤᠭᠰᠠᠨ ᠭᠤᠣᠯ ᠦᠷ᠎ᠡ ᠪᠦᠲᠦᠭᠡᠯ ᠢ ᠭᠦᠢᠴᠡᠳ ᠲᠠᠨᠢᠵᠤ᠂ ᠠᠵᠠ ᠲᠣᠬᠢᠶᠠᠯ ᠢ ᠠᠮᠵᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠥᠭᠡᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠶᠠᠩ ᠪᠠᠯᠭᠠᠰᠤᠨ ᠤ ᠪᠣᠳᠠᠲᠠᠶ ᠠᠵᠢᠯ ᠳᠤ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠱᠠᠭᠠᠷᠳᠠᠯᠭ᠎ᠠ ᠳᠤᠷᠠᠳᠴᠠᠶ᠃      ᠯᠢ ᠺᠠᠢ ᠳ᠋ᠦᠩ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠭᠦᠨᠵᠡᠭᠡᠢ ᠰᠤᠷᠤᠯᠴᠠᠨ ᠭᠦᠨᠵᠡᠭᠡᠢ ᠣᠶᠢᠯᠠᠭᠠᠵᠤ᠂ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ︽ᠦᠨᠡᠨ ᠰᠡᠳᠬᠢᠯ︾ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠶᠢ ᠠᠪᠴᠤ᠂ ᠤᠬᠠᠭᠤᠯᠭ᠎ᠠ ᠶᠢ ᠪᠣᠳᠠᠲᠠᠢ ᠨᠠᠷᠢᠯᠢᠭ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ︽ᠡᠭᠡᠯ ᠠᠷᠠᠳ ᠤᠨ ᠭᠡᠷ ᠲᠤ ᠬᠦᠷᠭᠡᠬᠦ ︾ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠬᠠᠷᠠᠭᠤᠯᠵᠤ᠂ ᠢᠯᠡᠳᠬᠡᠯ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠯᠢ ᠺᠠᠢ ᠳ᠋ᠦᠩ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠵᠤ᠂ ᠠᠷᠠᠳ ᠤᠯᠠᠨ ᠤ ᠪᠠᠴᠢᠮᠳᠠᠨ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠳᠤᠮᠳᠠ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠤᠶᠠᠯᠳᠤᠭᠤᠯᠤᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾᠎ ᠤ ᠢᠷᠠᠭᠤ ᠠᠯᠳᠠᠷ ᠤᠨ ᠴᠣᠯᠠ ᠶᠢ ᠤᠯᠠᠮ ᠴᠢᠨᠠᠭᠰᠢᠳᠠ ᠢᠯᠡᠷᠡᠭᠦᠯᠬᠦ ᠬᠡᠷᠡᠭᠲᠡᠢ᠃ ᠴᠧᠩ ᠭᠤᠸᠠᠨ ᠪᠠᠯᠭᠠᠰᠤ ᠶᠢᠨ ᠬᠢᠨ ᠤᠢᠢᠷ᠎ᠠ ᠲᠡᠭᠦᠷᠭᠡ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠤ ᠲᠥᠯᠥᠪᠵᠢᠭᠦᠯᠭᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠭᠤᠣᠯ ᠬᠤᠳᠠ ᠶᠢᠨ ᠲᠣᠭᠤᠷᠢᠭ ᠤᠨ ︽ᠲᠡᠷᠢᠭᠦᠨ ᠤ ᠬᠡᠮᠵᠢᠶ᠎ᠡ︾᠎ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠭᠵᠢᠨ ᠮᠠᠨᠳᠤᠬᠤ ᠪᠠ ᠠᠵᠤ ᠠᠬᠤᠢ ᠶᠢᠨ ᠬᠥᠭᠵᠢᠯᠲᠡ ᠶᠢᠨ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠬᠥᠭᠵᠢᠨ ᠮᠠᠨᠳᠤᠬᠤ ᠪᠠ ᠢᠷᠡᠭᠡᠳᠦᠢ ᠶᠢᠨ ᠬᠥᠭᠵᠢᠯᠲᠡ ᠳᠤ ᠬᠡᠪ ᠳᠠᠭᠤᠷᠢᠶᠠᠯ ᠪᠤᠯᠵᠤ᠂ ᠦᠯᠢᠭᠡᠷ ᠳᠠᠭᠤᠷᠢᠶᠠᠯ ᠪᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠳᠠᠷᠠᠭ᠎ᠠ ᠳᠤᠨᠢ᠂ ᠯᠢ ᠺᠠᠢ ᠳ᠋ᠦᠩ ᠴᠧᠩ ᠭᠤᠸᠠᠨ ᠪᠠᠯᠭᠠᠰᠤ ᠶᠢᠨ ᠰᠢᠨ ᠴᠧᠩ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠬᠤᠪᠢᠶᠠᠯᠴᠠᠬᠤ ᠶᠢᠨ ᠬᠠᠮᠲᠤ ᠨᠡᠶᠢᠭᠡᠮ ᠲᠣᠭᠤᠷᠢᠭ ᠤᠨ ᠠᠵᠢᠯ ᠤᠨ ᠳᠤᠮᠳᠠᠬᠢ ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠬᠤᠲᠠ ᠳᠠᠬᠢ ᠠᠵᠢᠯ ᠤᠨ ᠰᠠᠭᠤᠷᠢ ᠮᠥᠨ᠂ ᠨᠡᠶᠢᠭᠡᠮ ᠤᠨ ᠵᠠᠰᠠᠯᠲᠠ ᠶᠢᠨ ᠦᠨᠳᠦᠰᠦᠨ ᠨᠢᠭᠡᠴᠡ᠂ ᠣᠯᠠᠨ ᠲᠦᠮᠡᠨ ᠳᠤ ᠦᠢᠯᠡᠴᠢᠯᠡᠬᠦ ᠴᠢᠬᠤᠯᠠ ᠲᠠᠪᠴᠠᠩ ᠮᠥᠨ᠂ ᠨᠡᠶᠢᠭᠡᠮ ᠲᠣᠭᠤᠷᠢᠭ ᠤᠨ ᠺᠠᠳ᠋ᠷᠴᠤᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠡᠶᠢᠭᠡᠮ ᠲᠣᠭᠤᠷᠢᠭ ᠤᠨ ᠣᠳᠣᠬᠢᠴᠢᠯᠠᠭᠰᠠᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠷ ᠢᠶᠠᠨ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠰᠠᠭᠤᠷᠢ ᠦᠩᠭᠡ ᠶᠢ ᠭᠡᠭᠡᠨ ᠰᠠᠷᠠᠭᠤᠯ ᠪᠣᠯᠭᠠᠬᠤ ᠬᠡᠷᠡᠭᠲᠡᠶ᠃      ᠾᠧ ᠰᠢᠩ ᠬᠤᠸᠠ᠂ ᠶᠤᠸᠠᠨ ᠢ ᠶᠢᠨ᠂ ᠵᠧᠦ ᠷᠦᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3