ᠯᠢ ᠺᠠᠶ ᠳ᠋ᠦᠩ ᠲᠤᠰᠠᠭᠠᠷᠯᠠᠬᠤ ᠲᠠᠯᠠᠪᠤᠷ ᠤᠨ ᠥᠭᠡᠷᠡᠴᠢᠯᠡᠯᠲᠡ ᠵᠢᠴᠢ ᠰᠣᠶᠣᠯ ᠪᠡᠶ᠎ᠡ ᠶᠢᠨ ᠲᠠᠮᠢᠷ ᠤᠨ ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 26᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠲᠤᠰᠠᠭᠠᠷᠯᠠᠬᠤ ᠲᠠᠯᠠᠪᠤᠷ ᠤᠨ ᠥᠭᠡᠷᠡᠴᠢᠯᠡᠯᠲᠡ ᠵᠢᠴᠢ ᠰᠣᠶᠣᠯ ᠪᠡᠶ᠎ᠡ ᠶᠢᠨ ᠲᠠᠮᠢᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ ᠵᠢᠴᠢ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠰᠦᠨ ᠬᠠᠶ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
    ᠯᠢ ᠺᠠᠶ ᠳ᠋ᠦᠩ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠪᠦᠲᠦᠴᠡ ᠶᠢᠨ ᠪᠠᠶᠢᠷᠢᠰᠢᠯ᠂ ᠪᠠᠭᠲᠠᠭᠠᠬᠤ
ᠴᠢᠳᠠᠪᠤᠷᠢ᠂ ᠢᠵᠢ ᠪᠦᠷᠢᠳᠦᠭᠦᠯᠬᠦ ᠲᠥᠬᠦᠭᠡᠷᠦᠮᠵᠢ᠂ ᠡᠷᠬᠢᠨ ᠲᠣᠭᠤᠷᠢᠨ ᠤ ᠣᠷᠴᠢᠨ ᠲᠣᠭᠤᠷᠢᠨ᠂ ᠲᠥᠷᠥᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠤᠳᠤᠯᠤᠨ  ᠰᠢᠢᠳᠪᠦᠷᠢᠯᠡᠬᠦ ᠶᠢᠨ ᠬᠠᠮᠲᠤ ᠥᠭᠡᠷᠡᠴᠢᠯᠡᠬᠦ ᠠᠵᠢᠯ ᠳᠤ ᠵᠢᠯᠣᠭᠤᠳᠬᠤ ᠰᠠᠨᠠᠯ ᠪᠠ ᠱᠠᠭᠠᠷᠳᠠᠯᠭ᠎ᠠ ᠳᠤᠷᠠᠳᠪᠠ᠃ ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠲᠤᠰᠠᠭᠠᠷᠯᠠᠬᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠪᠣᠯ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠶ ᠲᠠᠰᠤᠯᠬᠤ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠥᠭᠡᠷᠡᠴᠢᠯᠡᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠂ ᠪᠥᠲᠥᠭᠡᠨ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠬᠤ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠤᠳᠤ ᠪᠠᠶᠢᠭ᠎ᠠ ᠡᠬᠢ ᠪᠠᠶᠠᠯᠢᠭ ᠢ ᠭᠦᠢᠴᠡᠳ ᠨᠡᠶᠢᠳᠬᠡᠨ ᠠᠰᠢᠭᠯᠠᠵᠤ᠂ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠵᠤ᠂ ᠵᠢᠷᠤᠮᠵᠢᠯ ᠲᠠᠢ ᠪᠠᠶᠢᠷᠢᠯᠠᠭᠤᠯᠵᠤ᠂ ᠨᠠᠷᠢᠨ ᠵᠦᠢᠯᠡᠰ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠵᠣᠬᠢᠰᠲᠠᠢ ᠰᠠᠶᠢᠲᠤᠷ ᠬᠢᠵᠦ᠂ ᠲᠤᠰᠠᠭᠠᠷᠯᠠᠭᠰᠠᠨ ᠲᠠᠯᠠᠪᠤᠷ ᠤᠨ ᠠᠮᠤᠷ ᠲᠦᠪᠰᠢᠨ ᠤ ᠵᠢᠷᠤᠮᠵᠢᠯ ᠲᠠᠢ ᠪᠠᠶᠢᠭᠤᠯᠤᠭᠳᠠᠬᠤ ᠶᠢ ᠪᠠᠲᠤᠯᠠᠬᠤ ᠬᠡᠷᠡᠭᠲᠡᠢ᠃
     ᠯᠢ ᠺᠠᠶ ᠳ᠋ᠦᠩ ᠴᠢᠬᠤᠯᠠᠴᠢᠯᠠᠬᠤ ᠳᠠᠭᠠᠨ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠨᠢ ᠬᠥᠮᠦᠰ ᠤᠨ ᠰᠤᠷᠲᠠᠯ ᠢ ᠬᠥᠭᠵᠢᠭᠡᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠴᠢᠨᠠᠷ ᠴᠢᠨᠰᠠᠭ᠎ᠠ ᠲᠠᠢ᠂ ᠥᠪᠡᠷᠮᠢᠴᠡ ᠣᠨᠴᠠᠯᠢᠭ ᠲᠠᠢ᠂ ᠬᠥᠮᠦᠰ ᠤᠨ ᠬᠦᠷᠢᠶᠡᠯᠡᠯ ᠢ ᠣᠯᠤᠭᠰᠠᠨ ᠰᠣᠶᠣᠯ ᠤᠨ ᠡᠭᠦᠳᠦᠯᠲᠡ ᠶᠢᠨ ᠦᠢᠯᠡᠳᠭᠦᠨ ᠢ ᠲᠦᠷᠭᠡᠪᠴᠢᠯᠡᠨ ᠨᠡᠭᠡᠭᠡᠨ ᠬᠥᠭᠵᠢᠭᠦᠯᠬᠦ ᠬᠡᠷᠡᠭᠲᠡᠶ ᠭᠡᠵᠡᠶ᠃ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠮᠡᠳᠡᠭᠡ ᠵᠠᠩᠭᠢᠵᠢᠯᠲᠠ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠯᠠᠨ ᠤ ᠤᠯᠠᠨ ᠶᠠᠩᠵᠤᠴᠢᠯᠠᠭᠰᠠᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠶᠤᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃
     ᠯᠢ ᠺᠠᠢ ᠳ᠋ᠦᠩ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠳ ᠤᠨ ᠠᠮᠤᠷ ᠲᠦᠪᠰᠢᠨ ᠤ ᠤᠬᠠᠮᠰᠠᠷ ᠤᠨ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ ᠠᠮᠤᠷ ᠲᠦᠪᠰᠢᠨ ᠤ ᠬᠤᠷᠢᠭ᠎ᠠ ᠱᠤᠭᠤᠮ ᠢ ︽ᠨᠢᠭᠡ ᠠᠯᠬᠤᠮ ᠴᠤ ᠠᠯᠠᠩ ᠰᠠᠯᠠᠩ ᠪᠠᠶᠢᠵᠤ ᠪᠣᠯᠬᠤ ᠦᠭᠡᠢ︾᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠬᠠᠮᠢᠶᠠᠷᠤᠯᠲᠠ᠂ ᠬᠥᠮᠦᠰ ᠤᠨ ᠣᠷᠣᠵᠤ ᠭᠠᠷᠬᠤ ᠮᠡᠳᠡᠭᠡ ᠵᠠᠩᠭᠢ ᠶᠢ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠨᠠᠷᠢᠨ ᠨᠢᠮᠪᠠᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3