11 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ ᠰᠢᠩ | ᠾᠧ ᠰᠢᠶᠠᠨ ᠤ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ ᠢ ᠪᠠᠶᠢᠭᠤᠯᠬᠤ ᠠᠵᠢᠯ ᠢ ᠳᠥᠯᠭᠢᠨ | ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | | ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠣᠣ ᠷᠦᠢ ᠰᠢᠩ ᠾᠧ ᠰᠢᠶᠠᠨ ᠤ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ | ᠢ ᠪᠠᠶᠢᠭᠤᠯᠬᠤ ᠬᠠᠮᠢᠶ᠎ᠠ ᠪᠥᠬᠦᠶ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃ | ᠸᠠᠩ ᠬᠤᠢ ᠢᠦᠢ ᠴᠢᠩᠭᠠᠳᠬᠠᠭᠰᠠᠨ ᠨᠢ᠂ ᠮᠠᠨ ᠤ ᠰᠢᠶᠠᠨ ᠤ ᠰᠣᠶᠣᠯ ᠤᠨ ᠠᠭᠤᠯᠤᠭᠳᠠᠬᠤᠨ᠂ ᠡᠬᠢ | ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠠᠭᠤᠷ ᠠᠮᠢᠰᠬᠤᠯ | ᠵᠡᠷᠭᠡ ᠳᠠᠪᠠᠭᠤᠯᠢᠭ ᠲᠠᠭᠠᠨ ᠲᠦᠰᠢᠭᠯᠡᠵᠦ᠂ 2023 ᠣᠨ ᠳᠤ ᠰᠤᠮᠤ ᠶᠢᠨ ᠠᠭᠤᠯᠠ᠂ ᠯᠦ ᠵᠢᠶᠠ ᠶᠢᠩ᠂ ᠱᠦᠢ ᠯᠢ | ᠬᠠᠢ᠂ ᠲᠤᠤ ᠭᠤᠭᠤᠳ ᠬᠤᠸᠠ ᠯᠢᠩ᠂ ᠪᠠᠯ ᠴᠢᠯᠠᠭᠤ ᠶᠢᠨ ᠠᠵᠤ ᠦᠢᠯᠡᠳᠪᠦᠷᠢ ᠶᠢᠨ ᠠᠭᠤᠷᠬᠠᠢ ᠶᠢᠨ ᠣᠷᠣᠨ | ᠵᠡᠷᠭᠡ ᠭᠠᠵᠠᠷ ᠤᠨ ᠵᠤᠭᠠᠴᠠᠯ ᠤᠨ ᠲᠠᠩ ᠴᠣᠭᠴᠠ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ | ᠨᠠᠶᠢᠷᠠᠭᠤᠯᠤᠨ ᠵᠣᠬᠢᠶᠠᠬᠤ ᠬᠡᠷᠡᠭᠲᠡᠢ᠃ ᠰᠢᠩ ᠾᠧ ᠰᠢᠶᠠᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠶᠡᠷᠦᠩᠬᠡᠶ | ᠲᠥᠯᠥᠪᠵᠢᠭᠦᠯᠭᠡ ᠶᠢ ᠪᠣᠷᠣ ᠲᠥᠯᠥᠪ᠂ ᠪᠠᠷᠠᠭᠠᠯᠬᠢᠯᠠᠯ ᠤᠨ ᠴᠢᠨᠠᠷᠲᠠᠶ ᠨᠠᠶᠢᠷᠠᠭᠤᠯᠤᠨ ᠵᠣᠬᠢᠶᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠥᠯᠥᠪᠵᠢᠭᠦᠯᠭᠡ᠂ ᠬᠤᠳᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠵᠡᠷᠭᠡ ᠡᠯ᠎ᠡ ᠲᠦᠷᠦᠯ ᠤᠨ | ᠲᠥᠯᠥᠪᠵᠢᠭᠦᠯᠭᠡ ᠲᠠᠢ ᠪᠦᠲᠦᠮᠵᠢᠲᠡᠢ ᠵᠣᠯᠭᠠᠭᠤᠯᠬᠤ ᠶᠢ ᠴᠢᠬᠤᠯᠠᠴᠢᠯᠠᠨ᠎ᠠ᠄ ᠡᠯ᠎ᠡ ᠦᠵᠡᠮᠵᠢ ᠶᠢᠨ ᠣᠷᠣᠨ ᠤ | ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠭᠦᠨ ᠳᠠᠪᠬᠤᠷᠭ᠎ᠠ ᠠᠴᠠ ᠠᠭᠤᠳᠠᠯᠵᠤ᠂ ᠡᠬᠢ ᠪᠠᠶᠠᠯᠢᠭ ᠤᠨ | ᠳᠠᠪᠠᠭᠤᠯᠢᠭ ᠲᠠᠢ ᠪᠠᠨ ᠤᠶᠠᠯᠳᠤᠭᠤᠯᠵᠤ᠂ ᠮᠠᠨ ᠤ ᠰᠢᠶᠠᠨ ᠤ ᠵᠤᠭᠠᠴᠠᠯ ᠤᠨ ᠦᠢᠯᠡᠰ ᠤᠨ ᠪᠠᠶᠢᠳᠠᠯ ᠢ ᠲᠠᠰᠤᠷᠠᠯᠲᠠ | ᠦᠭᠡᠢ ᠪᠠᠶᠠᠯᠢᠭᠵᠢᠭᠤᠯᠵᠤ᠂ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠤᠨᠴᠠᠯᠢᠬᠳᠤ | ᠰᠣᠶᠣᠯ ᠤᠨ ᠵᠤᠭᠠᠴᠠᠯ ᠤᠨ ᠠᠵᠢᠯᠯᠠᠭ᠎ᠠ ᠡᠷᠬᠢᠯᠡᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ | ᠴᠢᠩᠭᠠᠷᠠᠭᠤᠯᠬᠤ᠂ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠤᠭᠠᠴᠠᠯ ᠤᠨ | ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠵᠤᠭᠠᠴᠠᠯ ᠤᠨ | ᠲᠦᠷᠦᠯ ᠵᠦᠢᠯ ᠤᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠵᠤ᠂ ᠵᠤᠭᠠᠴᠠᠭᠰᠠᠳ ᠤᠨ ᠪᠡᠶᠡᠴᠢᠯᠡᠨ | ᠣᠶᠢᠯᠠᠭᠠᠬᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠸᠠᠩ ᠬᠤᠢ ᠢᠦᠶ ᠴᠢᠬᠤᠯᠠᠴᠢᠯᠠᠬᠤ ᠳᠠᠭᠠᠨ᠂ ᠡᠷᠡᠭᠦᠯ ᠮᠡᠨᠳᠦ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ | ᠠᠵᠢᠯ ᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠰᠡᠳᠬᠢᠴᠡ ᠪᠠᠨ | ᠥᠷᠭᠡᠳᠬᠡᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠰᠢᠯᠢᠳᠡᠭ ᠰᠣᠶᠣᠯ ᠤᠨ ᠵᠢᠭᠤᠯᠴᠢᠯᠠᠯ ᠤᠨ ᠡᠬᠢ | ᠪᠠᠶᠠᠯᠢᠭ ᠲᠤ ᠲᠦᠰᠢᠭᠯᠡᠨ᠂ ᠤᠨᠴᠠᠯᠢᠬᠳᠤ ᠵᠢᠭᠤᠯᠴᠢᠯᠠᠯ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠡᠯ᠎ᠡ ᠰᠢᠶᠠᠩ ᠪᠠᠯᠭᠠᠰᠤ ᠨᠢ ᠭᠠᠳᠠᠷ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠲᠣᠯᠢ | ᠪᠣᠯᠭᠠᠵᠤ᠂ ᠦᠵᠡᠯᠲᠡ ᠪᠠᠨ ᠬᠤᠪᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ | ᠣᠨᠴᠠᠯᠢᠬᠵᠢᠭᠤᠯᠤᠨ ᠬᠥᠭᠵᠢᠭᠦᠯᠬᠦ ᠶᠢ ᠳᠣᠪᠤᠶᠢᠯᠭᠠᠨ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ | ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠰᠢᠶᠠᠨ ᠤ ᠬᠤᠲᠠ ᠪᠠ ᠡᠷᠬᠢᠨ ᠲᠣᠭᠤᠷᠢᠨ ᠤ ᠭᠠᠵᠠᠷ ᠣᠷᠣᠨ ᠤ | ᠵᠤᠭᠠᠴᠠᠭᠰᠠᠳ ᠢ ᠳᠠᠶᠢᠴᠢᠯᠠᠨ ᠠᠮᠢᠳᠤᠷᠠᠯ ᠢ ᠣᠶᠢᠯᠠᠭᠠᠬᠤ᠂ ᠵᠤᠭ᠎ᠠ ᠴᠡᠩᠭᠡᠯ ᠢ ᠣᠶᠢᠯᠠᠭᠠᠬᠤ ᠪᠣᠯᠭᠠᠬᠤ ᠬᠡᠷᠡᠭᠲᠡᠶ᠃ | ᠰᠢᠨ᠎ᠡ ᠴᠠᠭ ᠦᠶ᠎ᠡ ᠶᠢᠨ ᠠᠷᠠᠳ ᠤᠯᠠᠨ ᠤ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠳᠤ ᠵᠣᠬᠢᠴᠠᠵᠤ᠂ ᠲᠤᠰ | ᠭᠠᠵᠠᠷ ᠣᠷᠣᠨ ᠤ ᠰᠣᠶᠣᠯ ᠤᠨ ᠣᠨᠴᠠᠯᠢᠭ ᠢ ᠳᠤᠪᠤᠶᠢᠯᠭᠠᠵᠤ᠂ ᠣᠷᠣᠨ ᠨᠤᠲᠤᠭ ᠤᠨ ᠣᠨᠴᠠᠯᠢᠭ ᠢ ᠠᠭᠤᠳᠠᠯᠵᠤ᠂ | ᠠᠶᠠᠨᠴᠢᠳ ᠢ ᠳᠠᠰᠤᠷᠠᠯᠳᠠ ᠦᠬᠡᠢ ᠲᠠᠲᠠᠵᠤ᠂ ᠬᠥᠮᠦᠰ ᠤᠨ ᠬᠦᠷᠢᠶᠡᠯᠡᠯ ᠢ ᠲᠥᠪᠯᠡᠷᠡᠭᠦᠯᠵᠦ᠂ ᠵᠤᠭᠠᠴᠠᠯ ᠤᠨ | ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠣᠶᠣᠯ ᠵᠤᠭᠠᠴᠠᠯ ᠤᠨ ᠠᠵᠢᠯ ᠤᠨ ᠬᠦᠴᠦᠨ ᠲᠠᠢ ᠪᠥᠭᠡᠳ | ᠪᠦᠲᠦᠮᠵᠢᠲᠡᠢ ᠥᠷᠨᠢᠵᠦ᠂ ᠪᠦᠬᠦ ᠲᠠᠯ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠶᠠᠨ ᠤ ᠤᠳᠤᠷᠢᠳᠤᠯᠭ᠎ᠠ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ᠂ ᠸᠠᠩ ᠰᠢᠶᠤᠤ ᠵᠢᠶᠦ᠋ᠨ᠂ | ᠾᠧ ᠰᠢᠩ ᠬᠤᠸᠠ᠂ ᠵᠤᠤ ᠬᠤᠢ ᠵᠢᠤᠢ ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |