ᠬᠤᠳᠠ ᠶᠢᠨ ᠬᠠᠮᠢᠶᠠᠷᠤᠯᠲᠠ ᠶᠢᠨ ᠲᠣᠪᠴᠢ᠊ ᠡᠶ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 25᠎ ᠤ ᠡᠳᠦᠷ᠂ ᠮᠠᠨ ᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠲᠣᠪᠴᠢᠶᠠᠨ ᠤ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠶᠡᠭᠡ ᠬᠤᠷᠠᠯ ᠤᠨ ᠭᠡᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠤᠨ ᠪᠠᠶᠢᠷᠢᠯᠠᠭᠤᠯᠤᠯᠲᠠ ᠵᠢᠴᠢ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠶᠢᠨ ᠶᠡᠷᠦᠩᠬᠡᠢ ᠡᠭᠦᠷ ᠤᠨ ᠱᠦᠵᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠠᠶᠢᠯᠤᠮᠵᠢ ᠬᠢᠵᠡᠢ᠃      ᠬᠤᠷᠠᠯ ᠠᠴᠠ ᠴᠢᠩᠭᠠᠳᠬᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠦᠷ᠎ᠡ ᠪᠦᠲᠦᠭᠡᠯ ᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠤᠮᠳᠠ ᠭᠦᠨ ᠬᠠᠳᠠᠩᠰᠢᠭᠤᠯᠵᠤ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠦᠬᠦ ᠲᠠᠯ᠎ᠠ ᠶᠢᠨ ᠺᠠᠳ᠋ᠷ ᠠᠵᠢᠯᠳᠠᠨ ᠠᠵᠢᠯᠴᠢᠨ ᠤ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠬᠠᠮᠰᠠᠷ ᠠᠴᠠ ᠪᠠᠨ ᠨᠢᠭᠡᠳᠬᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠵᠦ᠂ ᠡᠨᠡ ᠵᠢᠯ ᠤᠨ ᠠᠵᠢᠯ ᠤᠨ ᠰᠡᠭᠦᠯ ᠬᠤᠷᠢᠶᠠᠬᠤ ᠪᠠ ᠢᠷᠡᠬᠦ ᠵᠢᠯ ᠤᠨ ᠠᠵᠢᠯ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠳᠠ ᠶᠢᠨ ᠬᠠᠮᠢᠶᠠᠷᠤᠯᠲᠠ ᠶᠢᠨ ᠬᠦᠷᠢᠶᠡᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3