ᠮᠠᠨ ᠤ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 25 ᠤ ᠡᠳᠦᠷ᠂ ᠮᠠᠨ ᠤ ᠰᠢᠶᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠢ ᠡᠷᠬᠢᠯᠡᠪᠡ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠨᠠᠷᠢᠨ ᠬᠢᠨᠠᠮᠠᠭᠠᠢ ᠡᠷᠢᠵᠦ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠡᠯ᠎ᠡ ᠵᠦᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠮᠡᠯ ᠹᠷᠣᠨᠲ ᠤᠨ ᠴᠢᠳᠠᠪᠤᠷᠢᠲᠠᠨ ᠴᠤᠭᠯᠠᠷᠠᠭᠰᠠᠨ᠂ ᠥᠷᠭᠡᠨ ᠳᠡᠯᠭᠡᠷ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢ ᠪᠠᠳᠠᠷᠠᠭᠤᠯᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ᠂ ᠵᠥᠪᠯᠡᠬᠦ ᠠᠷᠠᠳᠴᠢᠯᠠᠯ ᠢ ᠠᠬᠢᠭᠤᠯᠬᠤ᠂ ᠡᠯ᠎ᠡ ᠲᠠᠯ᠎ᠠ ᠶᠢᠨ ᠬᠠᠷᠢᠴᠠᠭ᠎ᠠ ᠶᠢ ᠵᠣᠬᠢᠴᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠬᠤ ᠵᠡᠷᠭᠡ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠮᠠᠨ ᠤ ᠰᠢᠶᠠᠨ ᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠠᠶᠢᠭᠤᠯᠬᠤ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠷ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃      ᠬᠤᠷᠠᠯ ᠳᠡᠭᠡᠷ᠎ᠡ᠂ ᠶᠠᠩ ᠯᠢ ᠷᠦᠩ ᠪᠦᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠬᠢᠷᠠᠭᠤᠯᠤᠨ ᠪᠠᠶᠢᠷᠢᠯᠠᠭᠤᠯᠪᠠ᠃      ᠵᠤᠤ ᠷᠦ᠋ᠢ᠂ ᠶᠠᠩ ᠵᠧᠨ ᠳ᠋ᠦᠩ ᠵᠡᠷᠭᠡ ᠲᠦ᠋ᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ ᠪᠠᠶᠢᠨ᠎ᠠ︔ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠩ ᠾᠧ ᠠᠵᠤ ᠤᠶᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ︔ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠢᠭᠡᠳᠦᠮᠡᠯ ᠹᠷᠣᠨᠲ ᠤᠨ ᠭᠡᠰᠢᠭᠦᠨ︔ ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3