ᠮᠠᠨ ᠤ ᠰᠢᠶᠠᠨ ᠰᠤᠮᠤᠨ ᠠᠭᠤᠯᠠ ᠶᠢᠨ ᠲᠠᠯᠠᠪᠠᠢ ᠶᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠪᠦᠳᠦᠬᠡᠨ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠤᠮᠤᠨ ᠠᠭᠤᠯᠠ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠬᠤᠷᠠᠯ ᠳᠤ ᠣᠷᠣᠯᠴᠠᠪᠠ᠃
     ᠬᠤᠷᠠᠯ ᠠᠴᠠ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠳᠠᠮᠵᠢᠭᠤᠯᠤᠨ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢᠨ ᠲᠠᠯ᠎ᠠ ᠶᠢᠨ ᠬᠢᠨ ᠤ ᠰᠤᠮᠤᠨ ᠠᠭᠤᠯᠠ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠣᠰ ᠨᠢᠭᠡᠴᠡ ᠶᠢᠨ ᠢᠶᠠᠨ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠤᠷᠢ ᠪᠠ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠰᠤᠮᠤ ᠶᠢᠨ ᠠᠭᠤᠯᠠ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠪᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠄ ᠣᠶ ᠰᠢᠭᠤᠶ ᠶᠢᠨ ᠭᠠᠯ ᠰᠡᠷᠭᠡᠶᠢᠯᠡᠬᠦ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠨᠢ ᠣᠶ ᠰᠢᠭᠤᠶ ᠶᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠮᠠᠨ ᠤ ᠰᠢᠶᠠᠨ ᠤ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠰᠠᠭᠤᠷᠢ ᠲᠥᠬᠦᠭᠡᠷᠦᠮᠵᠢ᠂ ᠡᠩᠨᠡᠭᠡᠨ ᠤ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠵᠦ᠂ ᠤᠢ ᠰᠢᠭᠤᠢ ᠶᠢᠨ ᠭᠠᠯ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠣᠯ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠶᠢᠨ ᠬᠡᠷᠡᠭᠴᠡᠭᠡ ᠮᠥᠨ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠤᠢ ᠰᠢᠭᠤᠢ ᠶᠢᠨ ᠭᠠᠯ ᠰᠡᠷᠭᠡᠶᠢᠯᠡᠬᠦ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠬᠡᠷᠡᠭᠴᠡᠭᠡ ᠮᠥᠨ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠠᠮᠢ ᠠᠬᠤᠶ ᠶᠢᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ  ᠤᠶᠢᠯᠡᠰ ᠢ ᠬᠥᠭᠵᠢᠭᠦᠯᠬᠦ ᠵᠡᠷᠭᠡ ᠶᠢ ᠭᠦᠢᠴᠡᠳ ᠰᠢᠰᠲ᠋ᠧᠮ ᠲᠠᠢ ᠪᠣᠳᠣᠯᠬᠢᠯᠠᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠱᠤᠭᠤᠮ ᠪᠠ ᠪᠥᠲᠥᠭᠡᠨ ᠪᠠᠶᠢᠭᠤᠯᠤᠯᠲᠠ ᠶᠢᠨ ᠵᠠᠭᠠᠭ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠵᠦᠶ ᠵᠣᠬᠢᠰᠲᠠᠶ᠂ ᠬᠢᠮᠳᠠ᠂ ᠪᠣᠳᠠᠲᠤ ᠬᠡᠷᠡᠭᠴᠡᠭᠡ ᠲᠠᠢ ᠲᠥᠯᠥᠪᠵᠢᠭᠦᠯᠭᠡ ᠶᠢᠨ ᠲᠥᠰᠦᠯ ᠢ ᠵᠢᠷᠤᠵᠤ ᠲᠥᠯᠥᠪᠯᠡᠬᠦ ᠪᠠᠷ ᠴᠢᠷᠮᠠᠶᠢᠬᠤ ᠬᠡᠷᠡᠭᠲᠡᠶ ᠭᠡᠵᠡᠶ᠃ ︽ᠨᠣᠭᠤᠭᠠᠨ ᠦᠩᠭᠡ ᠶᠢ ᠠᠰᠢᠭᠯᠠᠬᠤ︾ ᠠᠵᠢᠯ ᠢ ᠰᠠᠶᠢᠲᠤᠷ ᠬᠢᠵᠦ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠵᠤᠭᠠᠴᠠᠯ ᠤᠨ ︽ᠭᠤᠷᠪᠠ ᠤᠳᠠᠭ᠎ᠠ ᠦᠢᠯᠡᠰ ᠪᠤᠰᠬᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠷᠡᠭᠦᠯ ᠮᠡᠨᠳᠦ ᠰᠤᠪᠢᠯᠠᠯᠲᠠ ᠵᠤᠰᠠᠯᠠᠩ ᠠᠴᠠ ᠵᠠᠶᠢᠯᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠷᠭᠦᠯᠵᠢᠯᠡᠨ ᠬᠥᠭᠵᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠡᠭᠦᠨ ᠤ ᠵᠡᠷᠭᠡᠴᠡᠪᠡᠷ᠂ ᠢᠳᠡᠪᠬᠢᠲᠡᠶ ᠪᠠᠷ ᠥᠭᠡᠳᠡᠯᠡᠨ ᠳᠠᠪᠰᠢᠵᠤ᠂ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠨᠡᠮᠡᠭᠳᠡᠭᠦᠯᠦᠨ᠂ ᠤᠢ ᠰᠢᠭᠤᠶ ᠶᠢᠨ ᠭᠠᠯ ᠰᠡᠷᠭᠡᠶᠢᠯᠡᠬᠦ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠴᠠᠭ ᠲᠤᠬᠠᠶ ᠳᠤᠨᠢ ᠴᠢᠨᠠᠷ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠯᠢ ᠺᠠᠢ ᠳ᠋ᠦᠩ ᠱᠠᠭᠠᠷᠳᠠᠭᠰᠠᠨ ᠨᠢ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠡᠯ᠎ᠡ ᠵᠦᠢᠯ ᠤᠨ ᠲᠦᠢᠮᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭ ᠢᠮᠠᠭᠲᠠ ᠪᠠᠶᠢᠯᠳᠤᠭᠠᠨ ᠤ ᠪᠠᠶᠢᠳᠠᠯ ᠢᠶᠠᠨ ᠪᠠᠲᠤᠯᠠᠵᠤ᠂ ᠡᠯ᠎ᠡ ᠵᠦᠢᠯ ᠤᠨ ᠲᠥᠬᠦᠭᠡᠷᠦᠮᠵᠢ ᠲᠥᠬᠦᠭᠡᠷᠦᠮᠵᠢ᠂ ᠭᠠᠯ ᠤᠨᠲᠠᠷᠠᠭᠠᠬᠤ ᠲᠣᠨᠣᠭᠯᠠᠯ᠂ ᠲᠡᠭᠡᠭᠡᠪᠦᠷᠢ ᠶᠢᠨ ᠲᠡᠷᠭᠡ ᠬᠥᠰᠬᠡ᠂ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠵᠤ᠂ ᠬᠠᠮᠠᠭᠠᠯᠠᠵᠤ ᠂ ᠲᠥᠬᠦᠭᠡᠷᠦᠮᠵᠢ ᠪᠣᠯᠤᠨ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠵᠠᠩᠭᠢᠯᠠᠭ᠎ᠠ ᠶᠢᠨ ᠦᠶ᠎ᠡ ᠳᠤ ᠲᠠᠲᠠᠵᠤ ᠳᠡᠶᠢᠯᠬᠦ ᠪᠠ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠡᠳ᠋ ᠪᠣᠳᠠᠰ ᠨᠥᠭᠡᠴᠡᠯᠡᠬᠦ ᠶᠢ ᠰᠠᠶᠢᠲᠤᠷ ᠬᠢᠵᠦ᠂ ᠵᠢᠵᠢᠭᠦᠷᠯᠡᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠢ ᠰᠢᠭᠤᠢ ᠶᠢᠨ ᠭᠠᠯ ᠤᠨ ᠭᠠᠮᠰᠢᠭ ᠢ ᠰᠡᠷᠭᠡᠶᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3